ᠴᠢᠶᠠᠨ ᠶᠢᠨ ᠭᠧᠦ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠳᠤ  ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2023/2/3
   2 ᠰᠠᠷ᠎ᠠ ᠶᠢᠨ 1 ᠤ ᠡᠳᠦᠷ᠂ ᠴᠢᠶᠠᠨ ᠶᠢᠨ ᠭᠧᠦ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ 2 ᠳ᠋ᠤᠭᠠᠷ ᠤᠳᠠᠭᠠᠨ ᠤ ᠲᠥᠪᠯᠡᠷᠡᠨ ᠰᠤᠷᠤᠯᠴᠠᠬᠤ ᠬᠤᠷᠠᠯ ᠢ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᠹᠧᠩ ᠦ᠋ ᠵᠢᠭᠠᠵᠤ ᠭᠠᠷᠭᠠᠬᠤ ᠳᠠᠭᠠᠨ᠂ ᠬᠤᠷᠢᠳᠤᠭᠠᠷ ᠬᠤᠭᠤᠴᠠᠭᠠᠨ ᠤ ᠲᠥᠪ   ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ   ᠶᠢ ᠨᠠᠷᠢᠨ ᠨᠢᠮᠪᠠᠢ ᠰᠤᠷᠤᠯᠴᠠᠨ ᠲᠤᠤᠱᠯᠠᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ   ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠤᠨ᠂ ᠵᠣᠷᠢᠭ ᠰᠠᠨᠠᠭᠠᠨ ᠤ ᠮᠥᠨ ᠴᠢᠨᠠᠷ   ᠢ ᠡᠵᠡᠮᠰᠢᠵᠦ᠂  ᠲᠤᠤᠱᠳᠠᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠴᠢᠩᠭ᠎ᠠ ᠬᠥᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ   ᠢ ᠣᠷᠳᠣ ᠬᠤᠭᠤᠴᠠᠭ᠎ᠠ ᠪᠠᠷ ᠪᠠᠷᠢᠮᠲᠠᠯᠠᠨ᠂ ᠨᠠᠮ ᠤᠨ ᠠᠭᠤᠤ ᠶᠡᠭᠡ ᠥᠪᠡᠷ ᠤᠨ ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠰᠢ ᠶᠢᠨ ᠫᠢᠩ  ᠤᠨ  ᠬᠠᠤᠯᠢ ᠪᠠᠷ ᠵᠠᠰᠠᠬᠤ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠪᠠ ᠭᠦᠨᠵᠡᠭᠡᠢ ᠠᠭᠤᠯᠤᠭᠳᠠᠬᠤᠨ ᠢ ᠭᠦᠢᠴᠡᠳ ᠲᠠᠨᠢᠵᠤ᠂ ᠬᠠᠤᠯᠢᠵᠢᠯ ᠤᠨ ᠪᠠᠶᠢᠭᠤᠯᠤᠯᠲᠠ ᠶᠢᠨ ᠠᠵᠢᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠬᠠᠤᠯᠢ ᠶᠣᠰᠣᠭᠠᠷ ᠠᠵᠢᠯ ᠦᠢᠯᠡᠰ ᠡᠷᠬᠢᠯᠡᠨ᠂  ᠡᠯ᠎ᠡ ᠲᠦᠷᠦᠯ ᠤᠨ ᠠᠵᠢᠯ ᠤᠨ ᠳᠤᠮᠳᠠ ᠪᠠᠨ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠶᠢ ᠪᠠᠷᠢᠮᠲᠠᠯᠠᠵᠤ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠠᠤᠯᠢᠵᠢᠯ ᠤᠨ ᠬᠤᠪᠢ ᠨᠡᠮᠡᠷᠢ ᠶᠢ ᠦᠵᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ ᠮᠡᠳᠡᠷᠡᠬᠦᠢ ᠪᠠᠨ ᠦᠨᠡᠨ ᠬᠦ ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ  ᠪᠠᠷ ᠬᠦᠷᠢᠶᠡᠯᠡᠨ  ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠲᠠᠰᠤᠷᠠᠯᠲᠠ ᠦᠭᠡᠢ ᠪᠠᠲᠤ ᠴᠣᠭᠴᠠᠯᠠᠬᠤ ᠬᠡᠷᠡᠭᠲᠡᠢ ᠭᠡᠪᠡ᠃ ᠬᠤᠷᠠᠯ ᠳᠡᠭᠡᠷ᠎ᠡ᠂ ᠤᠳᠤᠷᠢᠳᠬᠤ ᠪᠠᠭ ᠤᠨ ᠭᠡᠰᠢᠬᠦᠳ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ︾᠂ ︽ᠰᠢ ᠶᠢᠨ ᠫᠢᠩ ᠤᠨ  ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾᠂ ︽ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠶᠢᠨ ᠳᠡᠪᠲᠡᠷ︾ ᠤᠨ ᠠᠭᠤᠯᠭ᠎ᠠ ᠶᠢ ᠤᠯᠠᠮᠵᠢᠯᠠᠨ ᠰᠤᠷᠤᠯᠴᠠᠵᠠᠢ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号