ᠴᠢᠶᠠᠨ ᠶᠢᠨ ᠭᠧᠦ ᠪᠠᠯᠭᠠᠰᠤ ᠬᠤᠷᠠᠯ ᠬᠢᠵᠦ ᠭᠤᠣᠯᠳᠠᠯᠭ᠎ᠠ ᠲᠠᠢ ᠠᠵᠢᠯ ᠢᠶᠠᠨ ᠪᠠᠶᠢᠷᠢᠯᠠᠭᠤᠯᠤᠭᠰᠠᠨ
ᠨᠡᠶᠢᠲᠡᠯᠡᠭᠰᠡᠨ ᠴᠠᠭ᠄
2023/2/3
   2023 ᠣᠨ ᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠨ ᠬᠢᠬᠦ ᠶᠢᠨ ᠲᠥᠯᠥᠭᠡ᠂ 2 ᠰᠠᠷ᠎ᠠ ᠶᠢᠨ 1 ᠤ ᠡᠳᠦᠷ ᠴᠢᠶᠠᠨ ᠶᠢᠨ ᠭᠧᠦ ᠪᠠᠯᠭᠠᠰᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠥᠬᠦ ᠪᠠᠯᠭᠠᠰᠤᠨ ᠤ ᠡᠯ᠎ᠡ  ᠲᠦᠷᠦᠯ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠤᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠠᠵᠢᠯ ᠳᠤ ᠪᠣᠳᠠᠲᠠᠢ ᠲᠣᠬᠢᠷᠠᠭᠤᠯᠤᠯᠲᠠ  ᠬᠢᠵᠡᠢ᠃ ᠪᠠᠯᠭᠠᠰᠤᠨ ᠤ ᠤᠳᠤᠷᠢᠳᠬᠤ ᠪᠠᠭ ᠤᠨ  ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ᠂ ᠨᠢᠭᠡ ᠳᠤ ᠵᠣᠷᠢᠭ ᠰᠠᠨᠠᠭ᠎ᠠ ᠪᠠᠨ ᠬᠥᠪᠴᠢᠯᠡᠵᠦ᠂ ᠰᠡᠳᠬᠢᠯ ᠬᠦᠴᠦ ᠢᠶᠠᠨ ᠨᠢᠭᠡᠳᠬᠡᠨ᠂ ᠡᠯ᠎ᠡ ᠬᠦᠷᠢᠶ᠎ᠡ ᠴᠠᠷᠠᠭᠠᠨ ᠤ ᠠᠵᠢᠯ ᠢ ᠨᠠᠷᠢᠨ ᠨᠢᠮᠪᠠᠢ ᠡᠮᠬᠢᠯᠡᠨ ᠰᠤᠳᠤᠯᠵᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠴᠢᠩᠭᠠᠳᠬᠠᠨ᠂ ᠠᠵᠢᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠨᠢᠭᠡ ᠵᠢᠯ ᠳᠤ ᠪᠦᠬᠦ ᠪᠠᠯᠭᠠᠰᠤᠨ ᠤ ᠡᠯ᠎ᠡ ᠲᠦᠷᠦᠯ ᠤᠨ ᠠᠵᠢᠯ ᠢ ᠲᠠᠬᠢᠨ ᠨᠢᠭᠡ ᠳᠡᠭᠲᠡᠷ ᠲᠤ ᠭᠠᠷᠭᠠᠬᠤ ᠬᠡᠷᠡᠭᠲᠡᠢ᠃ ᠬᠤᠶᠠᠷ ᠲᠤ ᠵᠢᠯ ᠤᠨ ᠠᠵᠢᠯ ᠢ ᠬᠢᠨᠠᠨ ᠰᠢᠯᠭᠠᠬᠤ ᠶᠢᠨ ᠴᠢᠬᠤᠯᠠ ᠠᠴᠢ ᠬᠤᠯᠪᠣᠭᠳᠠᠯ ᠢ ᠲᠣᠳᠣᠷᠬᠠᠢ ᠲᠠᠨᠢᠵᠤ᠂ ᠲᠣᠰᠬᠤᠨ ᠤ ︽ᠬᠤᠶᠠᠷ ᠵᠥᠪᠯᠡᠯ︾ ᠪᠣᠯᠣᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠬᠢᠨᠠᠨ ᠰᠢᠯᠭᠠᠬᠤ ᠠᠵᠢᠯ ᠤᠨ ᠪᠣᠳᠠᠲᠠᠢ ᠡᠭᠦᠷᠭᠡ ᠶᠢ ᠣᠨᠣᠪᠴᠢᠲᠠᠢ ᠡᠵᠡᠮᠳᠡᠨ᠂ ᠬᠢᠨᠠᠨ ᠰᠢᠯᠭᠠᠬᠤ ᠠᠵᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠡᠨ ᠠᠴᠠ ᠵᠥᠪ ᠢ ᠡᠷᠢᠬᠦ᠂ ᠪᠤᠰᠤᠳᠴᠢ ᠪᠦᠭᠡᠳ ᠲᠥᠪ ᠭᠤᠣᠯᠴᠢ ᠪᠠᠶᠢᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ ᠠᠷᠠᠳ ᠤᠨ ᠶᠠᠪᠤᠳᠠᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠤᠯᠠᠨ ᠲᠦᠮᠡᠨ ᠤ ᠠᠩᠬᠠᠷᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠦᠨ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠬᠡᠷᠡᠭ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ  ᠲᠡᠭᠡᠭᠰᠢᠯᠡᠬᠦᠯᠦᠨ᠂ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠪᠦᠬᠦ ᠪᠠᠯᠭᠠᠰᠤᠨ ᠤ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠬᠤ ᠬᠡᠷᠡᠭᠲᠡᠢ᠃ ᠳᠥᠷᠪᠡ ᠳᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠤᠯᠠᠨ ᠲᠦᠮᠡᠨᠴᠢ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂  ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠠᠵᠢᠯᠯᠠᠭ᠎ᠠ ᠶᠢ  ᠲᠤᠷᠠᠶᠢᠮ᠎ᠠ ᠴᠡᠭ ᠪᠤᠯᠭᠠᠨ ᠥᠪᠡᠷᠮᠢᠴᠡ ᠣᠨᠴᠠᠯᠢᠭ ᠲᠠᠢ ᠡᠷᠬᠢᠯᠡᠵᠦ᠂ ᠪᠠᠶᠠᠷ ᠵᠢᠷᠭᠠᠯ ᠲᠠᠢ᠂ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号