ᠯᠥᠸᠧ ᠲᠦᠸᠧ ᠱᠠᠨ ᠪᠠᠯᠭᠠᠰᠤ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠠᠵᠢᠯ ᠤᠨ ᠠᠮᠵᠢᠯᠲᠠ ᠶᠢ ᠬᠢᠨᠠᠨ ᠰᠢᠯᠭᠠᠭᠰᠠᠨ
ᠨᠡᠶᠢᠲᠡᠯᠡᠭᠰᠡᠨ ᠴᠠᠭ᠄
2023/2/5
    ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠦᠢᠯᠡᠳᠦᠯ ᠢᠶᠠᠨ ᠪᠠᠳᠠᠷᠠᠭᠤᠯᠵᠤ ᠪᠠᠶᠢᠭ᠎ᠠ ᠪᠠᠶᠢᠳᠠᠯ ᠢ ᠭᠦᠨᠵᠡᠭᠡᠢ ᠤᠶᠢᠯᠠᠭᠠᠨ᠂ ᠠᠵᠢᠯ ᠬᠢᠵᠦ ᠦᠢᠯᠡᠰ ᠪᠦᠳᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠦᠷᠬᠦᠯᠵᠢᠯᠡᠨ ᠰᠠᠶᠢᠳᠤᠷ ᠵᠤᠯᠭᠠᠭᠤᠯᠬᠤ ᠶᠢᠨ ᠲᠤᠰᠠᠳᠠ᠂  2 ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ ᠯᠥᠸᠧ ᠲᠦᠸᠧ ᠱᠠᠨ  ᠪᠠᠯᠭᠠᠰᠤᠨ ᠤ ᠬᠢᠨ  5 ᠳᠤᠭᠤᠶᠢᠯᠠᠩ ᠪᠠᠶᠢᠭᠤᠯᠵᠤ 19 ᠲᠣᠰᠬᠤᠨ ᠳᠤ ᠬᠦᠨᠵᠡᠬᠡᠶᠢᠷᠡᠨ᠂  ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢ ᠬᠢᠨᠠᠨ ᠰᠢᠯᠭᠠᠭᠰᠠᠨ ᠪᠠᠶᠢᠨ᠎ᠠ  ᠃  ᠡᠨᠡ ᠤᠳᠠᠭᠠᠨ ᠤ ᠬᠢᠨᠠᠨ ᠰᠢᠯᠭᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠢᠨᠠᠨ ᠰᠢᠯᠭᠠᠬᠤ ᠨᠠᠷᠢᠨ ᠳᠦᠷᠢᠮ ᠤᠨ ᠲᠣᠭᠤᠷᠢᠨ ᠳᠤ ᠨᠠᠷᠢᠨ ᠨᠢᠮᠪᠠᠢ ᠲᠥᠯᠥᠪᠯᠡᠨ ᠪᠠᠶᠢᠷᠢᠯᠠᠭᠤᠯᠵᠤ᠂ ︽2022 ᠣᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠠᠵᠢᠯᠯᠠᠬᠤ ᠠᠩᠬᠢ ᠭᠡᠰᠢᠭᠦᠨ ᠢ ᠬᠢᠨᠠᠨ ᠰᠢᠯᠭᠠᠬᠤ ᠠᠵᠢᠯ ᠤᠨ ᠮᠡᠳᠡᠭᠳᠡᠯ︾ ᠢ ᠲᠠᠷᠬᠠᠭᠠᠨ᠂  19 ᠨᠡᠷ᠎ᠡ ᠨᠢᠭᠡᠳᠦᠭᠡᠷ ᠱᠦᠵᠢ ᠪᠠ  30  ᠨᠡᠷ᠎ᠡ ᠠᠵᠢᠯᠯᠠᠬᠤ ᠠᠩᠬᠢ ᠶᠢᠨ ᠬᠡᠰᠢᠬᠦᠨ ᠢ ᠪᠥᠬᠦ ᠲᠠᠯ᠎ᠠ ᠪᠠᠷ ᠬᠢᠨᠠᠨ ᠰᠢᠯᠭᠠᠵᠠᠢ᠃  ᠬᠢᠨᠠᠨ ᠰᠢᠯᠭᠠᠬᠤ ᠳᠤᠭᠤᠶᠢᠯᠠᠩ ᠤᠨ ᠬᠢᠨ  ︽ᠦᠨᠡᠨ ᠠᠴᠠ ᠵᠥᠪ ᠢ ᠡᠷᠢᠬᠦ᠂ ᠪᠤᠰᠤᠳᠴᠢ ᠪᠥᠭᠡᠳ ᠲᠥᠪ ᠭᠤᠥᠯᠴᠢ ᠪᠠᠶᠢᠬᠤ᠂ ᠪᠣᠳᠠᠲᠤ ᠪᠦᠲᠦᠮᠵᠢ ᠶᠢ ᠴᠢᠬᠤᠯᠠᠴᠢᠯᠠᠬᠤ᠂ ᠣᠯᠠᠨ ᠨᠡᠶᠢᠲᠡ ᠪᠠᠷ ᠢᠶᠠᠨ ᠮᠡᠳᠡᠷᠡᠬᠦ︾ ᠵᠠᠷᠴᠢᠮ ᠢ ᠪᠠᠷᠢᠮᠳᠠᠯᠠᠵᠤ᠂ ᠮᠡᠳᠡᠭᠦᠯᠦᠯᠲᠡ ᠰᠤᠨᠤᠰᠬᠤ᠂ ᠠᠷᠠᠳᠴᠢᠯᠠᠯ ᠢᠶᠠᠷ ᠦᠨᠡᠯᠡᠬᠦ᠂ ᠲᠤᠰᠬᠠᠢ ᠶᠠᠷᠢᠯᠴᠠᠬᠤ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ᠂ ᠡᠷᠦᠬᠡ ᠳᠤ ᠤᠷᠤᠵᠤ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠠ ᠠᠵᠢᠯᠯᠠᠬᠤ ᠠᠩᠬᠢ  ᠶᠢᠨ ᠭᠡᠰᠢᠭᠦᠳ  ᠤᠨ  ᠠᠵᠢᠯ ᠤᠨ ᠪᠦᠳᠦᠮᠵᠢ ᠶᠢ ᠣᠶᠢᠯᠠᠭᠠᠨ᠂  ᠪᠣᠳᠠᠲᠤ ᠠᠮᠵᠢᠯᠲᠠ ᠶᠢ ᠨᠢ ᠪᠤᠰᠤᠳᠴᠢ ᠪᠠᠷ ᠰᠢᠯᠭᠠᠨ ᠦᠨᠡᠯᠡᠭᠰᠡᠨ ᠪᠦᠭᠡᠳ  ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠪᠠ ᠰᠠᠨᠠᠯ ᠱᠠᠭᠠᠷᠳᠠᠯᠭ᠎ᠠ ᠶᠢ ᠲᠤᠷᠠᠳᠪᠠ  ᠃  ᠲᠤᠰ ᠪᠠᠯᠭᠠᠰᠤ ᠨᠢ ᠬᠢᠨᠠᠨ ᠰᠢᠯᠭᠠᠭᠰᠠᠨ ᠦᠷ᠎ᠡ ᠳ᠋ᠦᠩ ᠢ ᠡᠯ᠎ᠡ ᠲᠦᠷᠦᠯ ᠤᠨ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠰᠣᠩᠭᠤᠬᠤ ᠶᠢᠨ ᠴᠢᠬᠤᠯᠠ ᠦᠨᠳᠦᠰᠦᠯᠡᠯ ᠪᠣᠯᠭᠠᠵᠤ᠂ ᠲᠡᠷᠢᠭᠦᠨ ᠤ ᠬᠢ ᠶᠢ  ᠵᠤᠷᠢᠬᠵᠢᠭᠤᠯᠤᠨ᠂ ᠬᠤᠴᠤᠷᠤᠩᠭᠤᠢ ᠶᠢ ᠨᠢ ᠱᠠᠭᠠᠷᠳᠠᠵᠤ  ᠂ ᠱᠠᠩᠨᠠᠵᠤ ᠲᠣᠷᠭᠠᠬᠤ ᠠᠵᠢᠯ ᠤᠨ ᠪᠠᠶᠢᠷᠢᠰᠢᠯ ᠢ ᠪᠦᠬᠦ ᠬᠦᠴᠦᠨ ᠢᠶᠠᠷ ᠲᠡᠬᠦᠯᠳᠡᠷᠵᠢᠬᠦᠯᠵᠦ ᠪᠤᠢ᠃ ᠬᠢᠨᠠᠨ ᠰᠢᠯᠭᠠᠬᠤ ᠳᠤᠭᠤᠶᠢᠯᠠᠩ ᠠᠴᠠ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠤᠯᠤᠨ ᠠᠵᠢᠯᠯᠠᠬᠤ ᠠᠩᠬᠢ ᠶᠢᠨ ᠭᠡᠰᠢᠬᠦᠳ ᠡᠨᠡ ᠤᠳᠠᠭᠠᠨ ᠤ ᠬᠢᠨᠠᠨ ᠰᠢᠯᠭᠠᠬᠤ ᠠᠵᠢᠯ ᠢᠶᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠨ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠰᠢᠨᠡᠴᠢᠯᠡᠨ᠂ ᠠᠵᠢᠯ ᠤᠨ ᠶᠠᠰᠤ ᠴᠢᠨᠠᠷ ᠪᠣᠯᠣᠨ ᠬᠢᠷᠢ ᠲᠦᠪᠰᠢᠨ ᠢᠶᠠᠨ ᠦᠨᠡᠨᠬᠦ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠠᠪᠤᠴᠠ ᠳᠤ ᠨᠡᠩ ᠤᠯᠠᠨ ᠪᠣᠳᠠᠲᠤ ᠠᠮᠵᠢᠯᠲᠠ ᠶᠢ ᠡᠭᠦᠳᠴᠦ᠂ 2023 ᠣᠨ ᠤ ᠲᠣᠰᠬᠤᠨ ᠳᠤ ᠰᠠᠭᠤᠬᠤ ᠠᠵᠢᠯ ᠢ ᠨᠡᠩ ᠰᠠᠶᠢᠲᠤᠷ ᠲᠥᠯᠥᠪᠵᠢᠭᠦᠯᠦᠨ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ  ᠱᠠᠭᠠᠷᠳᠠᠭᠰᠠᠨ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号