ᠰᠢᠩ ᠹᠦ᠋ ᠰᠢᠶᠠᠩ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/9
   2 ᠰᠠᠷ᠎ᠠ ᠶᠢᠨ 8 ᠤ ᠡᠳᠦᠷ᠂ ᠰᠢᠩ ᠹᠦ᠋ ᠰᠢᠶᠠᠩ ᠤᠨ ᠨᠠᠮ ᠤᠨ ᠬᠤᠷᠢᠶ᠎ᠠ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠵᠤ᠂ ᠰᠢᠶᠠᠩ ᠤᠨ ᠤᠳᠤᠷᠢᠳᠬᠤ ᠪᠠᠭ ᠤᠨ ᠭᠡᠰᠢᠬᠦᠳ ᠬᠤᠷᠠᠯ ᠳᠤ  ᠤᠷᠤᠯᠴᠠᠭᠰᠠᠨ ᠪᠦᠭᠡᠳ ᠬᠤᠰᠢᠭᠤ ᠨᠠᠮ ᠤᠨ ᠬᠤᠷᠢᠶᠠᠨ ᠤ ᠳᠣᠯᠣᠳᠤᠭᠠᠷ ᠬᠢᠨᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠭᠤᠸ ᠶᠦᠩ ᠴᠢᠶᠠᠩ ᠨᠠᠷ ᠬᠤᠷᠠᠯ ᠳᠤ ᠤᠷᠤᠯᠴᠠᠵᠤ ᠵᠢᠭᠠᠨ ᠵᠢᠯᠤᠭᠤᠳᠴᠠᠢ᠃  ᠬᠤᠷᠠᠯ ᠳᠡᠭᠡᠷ᠎ᠡ᠂ ᠰᠢᠶᠠᠩ ᠤᠨ ᠨᠠᠮ ᠤᠨ ᠬᠤᠷᠢᠶᠠᠨ ᠤ ᠱᠦᠵᠢ ᠰᠦᠩ ᠹᠧᠩ ᠠᠴᠠ ᠨᠠᠮ ᠤᠨ ᠬᠤᠷᠢᠶᠠᠨ ᠤ ᠤᠳᠤᠷᠢᠳᠬᠤ ᠪᠠᠭ ᠢ  ᠲᠦᠯᠦᠭᠡᠯᠡᠵᠦ ᠬᠠᠷᠢᠴᠠᠭᠤᠯᠤᠨ ᠪᠠᠶᠢᠴᠠᠭᠠᠭᠰᠠᠨ ᠪᠥᠭᠡᠳ ᠬᠤᠪᠢ ᠬᠥᠮᠥᠨ ᠤ  ᠬᠠᠷᠢᠴᠠᠭᠤᠯᠤᠭᠰᠠᠨ ᠪᠠᠶᠢᠴᠠᠭᠠᠯᠳᠠ ᠬᠢᠵᠦ  ᠂ ᠳᠠᠷᠠᠭ᠎ᠠ ᠨᠢ᠂  ᠤᠳᠤᠷᠢᠳᠬᠤ ᠪᠠᠭ ᠤᠨ ᠪᠤᠰᠤᠳ ᠭᠡᠰᠢᠬᠦᠳ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠠᠰᠠᠭᠤᠳᠠᠯ ᠢ ᠭᠦᠨᠵᠡᠭᠡᠢ ᠡᠷᠢᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ  ᠵᠠᠳᠠᠯᠤᠨ᠂  ᠲᠤᠰ ᠲᠤᠰ ᠤᠨ ᠬᠠᠷᠢᠴᠠᠭᠤᠯᠤᠭᠰᠠᠨ ᠪᠠᠶᠢᠴᠠᠭᠠᠯᠳᠠ ᠶᠢ ᠬᠢᠪᠡ  ᠃ ᠭᠤᠸ ᠶᠦᠩ ᠴᠢᠶᠠᠩ᠂  ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠪᠡᠯᠡᠳᠬᠡᠯ ᠪᠦᠷᠢᠨ᠂  ᠭᠤᠣᠯ ᠰᠡᠳᠦᠪ ᠲᠣᠪᠣᠶᠢᠮ᠎ᠠ ᠮᠦᠷᠳᠡᠭᠡᠨ ᠬᠤᠷᠠᠯ ᠤᠨ ᠰᠤᠷᠲᠠᠯ ᠲᠥᠪ ᠴᠢᠩᠭ᠎ᠠ ᠨᠠᠷᠢᠨ ᠬᠢᠨᠠᠮᠠᠭᠠᠢ ᠪᠠᠶᠢᠵᠤ᠂ ᠨᠢᠭᠡ ᠤᠳᠠᠭᠠᠨ ᠤ ᠨᠡᠯᠢᠶᠡᠳ ᠴᠢᠨᠠᠷ ᠴᠢᠨᠰᠠᠭ᠎ᠠ ᠲᠠᠢ ᠠᠷᠠᠳᠴᠢᠯᠠᠯ ᠤᠨ ᠠᠮᠢᠳᠤᠷᠠᠯ ᠤᠨ ᠬᠤᠷᠠᠯ ᠪᠤᠯᠵᠠᠢ ᠭᠡᠵᠦ ᠦᠨᠡᠯᠡᠭᠰᠡᠨ  ᠤ ᠬᠠᠮᠳᠤ᠂  ᠬᠤᠶᠢᠰᠢᠳᠠ   ᠶᠢᠨ ᠠᠵᠢᠯ  ᠤᠨ ᠲᠤᠮᠳᠠ ᠪᠠᠨ ᠰᠤᠷᠤᠯᠴᠠᠯᠭ᠎ᠠ   ᠶᠢ ᠠᠳᠬᠤᠨ ᠪᠠᠶᠢᠩᠭᠤᠵᠢᠭᠤᠯᠵᠤ᠂ ᠴᠡᠭᠴᠡᠯᠡᠯᠳᠡ ᠶᠢ ᠠᠳᠬᠤᠨ ᠪᠦᠳᠦᠮᠵᠢᠬᠦᠯᠵᠦ᠂ ᠨᠠᠮ ᠤᠨ ᠪᠠᠶᠢᠭᠤᠯᠤᠯᠲᠠ  ᠠᠳᠬᠤᠨ ᠲᠦᠷᠢᠮᠵᠢᠬᠦᠯᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ   ᠢ ᠬᠤᠪᠢᠷᠠᠭᠤᠯᠬᠤ ᠠᠵᠢᠯ   ᠢ ᠦᠨᠡᠨᠬᠦ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃   ᠰᠦᠩ ᠹᠧᠩ ᠨᠠᠮ ᠤᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠳ᠋ᠦᠩᠨᠡᠯᠲᠡ ᠬᠢᠭᠰᠡᠨ ᠪᠥᠭᠡᠳ ᠣᠪᠣᠷ ᠢᠶᠠᠨ ᠢᠯᠡᠳᠬᠡᠵᠦ ᠶᠠᠷᠢᠶ᠎ᠠ ᠲᠠᠯᠪᠢᠵᠠᠢ᠃ ᠬᠤᠷᠠᠯ ᠠᠴᠠ᠂ ᠨᠢᠭᠡ ᠳᠤ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠤᠳᠤᠷᠢᠳᠬᠤ ᠪᠠᠭ ᠤᠨ ᠲᠠᠶᠢᠴᠢᠨ ᠬᠦᠴᠦᠨ᠂ ᠨᠢᠭᠲᠠᠷᠠᠯ ᠤᠨ ᠬᠦᠴᠦᠨ ᠢ ᠤᠯᠠᠮ ᠴᠢᠩᠭᠠᠷᠠᠭᠤᠯᠤᠨ᠂ ᠳᠡᠭᠡᠳᠦ ᠱᠠᠲᠤᠨ ᠤ ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠶᠤᠰᠤᠴᠢᠯᠠᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠢᠩ ᠹᠦ᠋ ᠰᠢᠶᠠᠩ ᠳᠠᠭᠠᠨ  ᠦᠨᠳᠦᠰᠦᠯᠡᠬᠦᠯᠵᠦ ᠴᠡᠴᠡᠭᠯᠡᠬᠦᠯᠵᠦ ᠵᠢᠮᠢᠰᠯᠡᠬᠦᠯᠬᠦ ᠬᠡᠷᠡᠭᠲᠡᠢ᠃ ᠭᠤᠷᠪᠠ ᠳᠤ  ᠲᠡᠯᠭᠡᠨ ᠪᠠᠶᠢᠴᠠᠭᠠᠭᠰᠠᠨ ᠠᠰᠠᠭᠤᠳᠠᠯ ᠪᠣᠯᠣᠨ ᠳᠤᠷᠠᠳᠤᠭᠰᠠᠨ ᠰᠠᠨᠠᠯ ᠰᠠᠨᠠᠭᠤᠯᠭ᠎ᠠ ᠳᠤ ᠴᠢᠭᠯᠡᠬᠦᠯᠵᠦ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠪᠠᠶᠢᠭᠤᠯᠤᠨ᠂  ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠲᠣᠳᠣᠷᠬᠠᠶᠢᠯᠠᠵᠤ᠂  ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠰᠠᠶᠢᠵᠢᠷᠠᠭᠤᠯᠤᠨ᠂  ᠡᠨᠡ  ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号