ᠲᠠᠶᠢᠹᠤᠰᠧ ᠬᠤᠰᠢᠭᠤ ᠬᠠᠪᠰᠤᠷᠤᠨ ᠲᠡᠳᠬᠦᠬᠦ ᠬᠠᠮᠳᠤᠷᠠᠯᠴᠠᠭᠠᠨ ᠤ ᠠᠵᠢᠯ ᠢ ᠭᠦᠨᠵᠡᠭᠡᠢ ᠦᠷᠨᠢᠬᠦᠯᠪᠡ
ᠨᠡᠶᠢᠲᠡᠯᠡᠭᠰᠡᠨ ᠴᠠᠭ᠄
2023/3/1
   2022 ᠤᠨ ᠳᠤ ᠲᠠᠶᠢᠹᠤᠰᠧ ᠬᠤᠰᠢᠭᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠠᠰᠢᠭᠲᠠᠢ ᠲᠣᠬᠢᠶᠠᠯ ᠢ  ᠡᠵᠡᠮᠳᠡᠵᠦ  ᠂   ᠲᠠᠢ ᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ ᠡᠮᠦᠨᠡᠬᠢ ᠬᠤᠭᠤᠴᠠᠭᠠᠨ ᠤ ᠠᠵᠢᠯ   ᠢ ᠤᠷᠤᠭᠰᠢᠲᠠᠢ ᠠᠬᠢᠭᠤᠯᠤᠭᠰᠠᠨ ᠪᠦᠭᠡᠳ ︽ ᠲᠠᠶᠢᠹᠤᠰᠧ ᠬᠤᠰᠢᠭᠤᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠷᠠᠭᠤᠯᠤᠨ  ᠂ ᠵᠠᠭᠤᠨ ᠮᠦ ᠬᠥᠷᠥᠰᠥ ᠰᠢᠷᠣᠢ ᠶᠢ ᠰᠠᠶᠢᠵᠢᠷᠠᠭᠤᠯᠬᠤ ᠮᠡᠷᠭᠡᠵᠢᠯ ᠤᠨ ᠰᠤᠳᠤᠯᠭᠠᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠨᠢ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ︽5321︾ ᠢᠨᠵᠧᠨᠧᠷᠢᠩ ᠂ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ  ᠯᠠᠪᠳᠠᠭᠤᠨ ᠪᠠᠲᠤᠲᠠᠢ ᠠᠬᠢᠭᠰᠠᠨ ᠪᠠᠶᠢᠨ᠎ᠠ᠃  ᠮᠦᠨ ᠵᠢᠯ ᠳᠤ ᠲᠤᠰ ᠬᠤᠰᠢᠭᠤ ᠨᠢ 7593 ᠲᠦᠮᠡᠨ ᠲᠥᠭᠦᠷᠢᠭ ᠤᠨ  ᠬᠠᠪᠰᠤᠷᠤᠨ ᠲᠡᠳᠬᠦᠬᠦ ᠪᠡᠯᠡ ᠮᠥᠩᠭᠦ ᠣᠷᠣᠭᠤᠯᠵᠤ᠂  ᠵᠠᠮ ᠵᠠᠰᠠᠬᠤ ᠪᠠ ᠰᠡᠯᠡᠭᠦᠴᠡᠯ ᠤᠨ ᠲᠠᠯᠠᠪᠠᠶ᠂ ᠰᠣᠶᠣᠯ ᠤᠨ ᠠᠵᠢᠯᠯᠠᠭᠠᠨ ᠤ ᠲᠥᠪ᠂ ᠤᠰᠤ ᠤᠮᠳᠠ  ᠰᠢᠢᠳᠪᠦᠷᠢᠯᠡᠬᠦ ᠦᠷᠳᠡᠭᠡᠨ ᠤ ᠪᠠᠶᠢᠭᠤᠯᠤᠯᠳᠠ ᠵᠡᠷᠭᠡ 33 ᠲᠥᠷᠥᠯ ᠵᠦᠢᠯ ᠢ ᠭᠡᠷᠡᠭᠵᠢᠬᠦᠯᠦᠭᠰᠡᠨ ᠤ ᠬᠠᠮᠳᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠤᠬᠠᠭᠤᠯᠭ᠎ᠠ ᠲᠠᠨᠢᠯᠴᠠᠭᠤᠯᠭ᠎ᠠ ᠶᠢ ᠥᠷᠨᠢᠭᠦᠯᠵᠦ᠂ ︽ᠦᠢᠯᠡᠰ ᠪᠦᠳᠦᠬᠡᠵᠦ ᠰᠢᠨ᠎ᠡ ᠶᠢ ᠡᠭᠦᠳᠬᠦ ᠲᠥᠪ︾᠂ ︽832︾᠂ ︽ᠨᠡᠶᠢᠲᠡ ᠳᠤ ᠲᠤᠰᠠᠳᠠᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾ ᠵᠡᠷᠭᠡ ᠲᠠᠪᠴᠠᠩ ᠢᠶᠠᠷ ᠳᠠᠮᠵᠢᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠬᠡᠮᠵᠢᠶ᠎ᠡ 1.91 ᠳ᠋ᠦᠩᠰᠢᠭᠤᠷ ᠲᠥᠭᠦᠷᠢᠭ ᠲᠤ ᠬᠦᠷᠴᠡᠢ᠃ ᠲᠦᠷᠦ ᠶᠢᠨ ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠨᠥᠬᠦᠪᠦᠷᠢ ᠮᠦᠩᠬᠦ ᠪᠠᠷ ᠬᠠᠪᠰᠤᠷᠤᠨ ᠲᠡᠳᠬᠦᠬᠦ ᠵᠡᠷᠭᠡ ᠶᠡᠷᠦᠩᠬᠡᠶᠢᠯᠡᠭᠰᠡᠨ ᠠᠷᠭ᠎ᠠ  ᠪᠤᠳᠤᠯᠭ᠎ᠠ ᠶᠢ ᠠᠪᠴᠤ᠂ ᠪᠡᠭᠡᠵᠢᠩ ᠳᠤ ᠣᠴᠢᠵᠤ ᠠᠵᠢᠯ ᠬᠢᠯᠭᠡᠬᠦ᠂ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠲᠤ ᠠᠵᠢᠯ ᠬᠢᠯᠬᠡᠬᠦ ᠮᠡᠳᠦ ᠶᠢᠨ ᠠᠷᠭ᠎ᠠ ᠪᠠᠷ 3000 ᠭᠠᠷᠤᠢ ᠠᠵᠢᠯ ᠤᠨ ᠪᠠᠶᠢᠷᠢ ᠶᠢ ᠨᠡᠭᠡᠭᠡᠨ᠂   830 ᠭᠠᠷᠤᠢ ᠬᠥᠮᠥᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠬᠦᠯᠦᠭᠰᠡᠨ ᠪᠦᠭᠡᠳ 2389 ᠨᠡᠷ᠎ᠡ ᠬᠠᠪᠰᠤᠷᠤᠨ ᠲᠡᠳᠬᠦᠬᠦ ᠺᠠᠳ᠋ᠷ  ᠂  2882 ᠨᠡᠷ᠎ᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ᠂ 4774 ᠨᠡᠷ᠎ᠡ ᠲᠤᠰᠬᠠᠢ ᠮᠡᠷᠭᠡᠵᠢᠯ ᠤᠨ ᠴᠢᠳᠠᠪᠤᠷᠢᠲᠠᠨ ᠢ  ᠪᠤᠯᠪᠠᠰᠤᠷᠠᠭᠤᠯᠵᠤ ᠬᠦᠮᠦᠵᠢᠬᠦᠯᠦᠭᠡᠳ᠂  ᠦᠨᠳᠦᠰᠦᠨ ᠱᠠᠲᠤᠨ ᠤ ᠺᠠᠳ᠋ᠷ ᠪᠣᠯᠣᠨ ᠮᠡᠷᠭᠡᠵᠢᠯ ᠤᠨ ᠠᠵᠢᠯᠲᠠᠨ ᠤ ᠤᠨᠤᠯ ᠤᠨ ᠲᠦᠪᠰᠢᠨ᠂  ᠠᠵᠢᠯ ᠤᠨ  ᠴᠢᠳᠠᠪᠤᠷᠢ  ᠬᠢᠭᠡᠳ ᠦᠢᠯᠡᠴᠢᠯᠡᠭᠡᠨ ᠤ ᠤᠬᠠᠮᠰᠠᠷ  ᠶᠡᠭᠡ ᠬᠡᠮᠵᠢᠶ᠎ᠡ ᠪᠠᠷ ᠲᠡᠭᠡᠭᠰᠢᠯᠡᠵᠦ ᠢᠷᠡᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号