ᠵᠤᠤ ᠹᠧᠢ ᠫᠧᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠠᠶᠢᠭᠤᠯᠤᠯᠳᠠ ᠶᠢ  ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2023/3/1
  2 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠩ ᠴᠢ ᠪᠠᠯᠭᠠᠰᠤᠨ ᠳᠤ ᠬᠦᠨᠵᠡᠬᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ  ᠡᠬᠦᠳᠦᠨ ᠪᠠᠶᠢᠭᠤᠯᠬᠤ ᠠᠵᠢᠯ ᠤᠨ ᠲᠣᠭᠤᠷᠢᠨ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ᠃ ᠸᠠᠩ ᠸᠧᠢ ᠬᠤᠩ᠂ ᠯᠢ ᠵᠠᠨ ᠪᠦᠦ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃ ᠵᠤᠤ ᠹᠧᠢ ᠫᠧᠩ ᠤᠷᠢᠳ ᠬᠤᠵᠢᠳ  ᠬᠤᠩ ᠴᠢ ᠲᠣᠰᠬᠤᠨ ᠪᠣᠯᠣᠨ ᠰᠢᠨ ᠵᠢᠶᠠᠨ ᠲᠣᠰᠬᠤᠨ ᠳᠤ ᠬᠦᠷᠴᠦ᠂ ᠬᠤᠶᠠᠷ ᠲᠣᠰᠬᠤᠨ ᠤ ᠠᠵᠤ ᠦᠢᠯᠡᠰ ᠤᠨ ᠬᠥᠭᠵᠢᠯᠲᠡ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂  ︽ᠭᠤᠷᠪᠠᠨ ᠶᠠᠪᠤᠳᠠᠯ︾ ᠢ ᠢᠯᠡ ᠪᠣᠯᠭᠠᠬᠤ ᠵᠢᠴᠢ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠨ ᠠᠬᠢᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠵᠤᠤ ᠹᠧᠢ ᠫᠧᠩ ᠴᠢᠬᠤᠯᠠᠴᠢᠯᠠᠬᠤ ᠳᠠᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠪᠠᠶᠢᠵᠤ᠂ ᠠᠷᠠᠳ ᠤᠯᠠᠨ ᠤ ᠪᠤᠶᠠᠨ ᠵᠢᠷᠭᠠᠯ ᠲᠠᠢ ᠬᠤᠯᠪᠣᠭᠳᠠᠨ᠎ᠠ᠃  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠥᠳᠡᠭᠡ ᠲᠣᠰᠬᠤᠨ ᠢ ᠨᠡᠩ ᠦᠵᠡᠰᠬᠦᠯᠡᠩᠲᠦ ᠰᠠᠶᠢᠬᠠᠨ ᠨᠡᠩ ᠣᠷᠣᠰᠢᠨ ᠰᠠᠭᠤᠬᠤ ᠳᠤ ᠲᠣᠬᠢᠷᠠᠮᠵᠢᠲᠠᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠶᠢ ᠪᠣᠳᠣᠯᠬᠢᠯᠠᠨ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ ᠤᠪᠤᠷ ᠰᠤᠷᠲᠠᠯ ᠢᠶᠠᠷ ᠬᠥᠳᠡᠭᠡ ᠲᠣᠰᠬᠤᠨ ᠤ ᠰᠠᠭᠤᠷᠢ ᠠᠵᠢᠯ ᠢ ᠪᠣᠳᠠᠲᠠᠢ  ᠮᠦᠷᠳᠡᠭᠡᠨ ᠨᠠᠷᠢᠯᠢᠭ ᠬᠢᠵᠦ᠂  ᠣᠯᠠᠨ ᠲᠦᠮᠡᠨ ᠳᠤ ᠵᠣᠯ ᠵᠢᠷᠭᠠᠯᠲᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠡᠳ᠋ᠯᠡᠭᠦᠯᠬᠦ ᠬᠡᠷᠡᠭᠲᠡᠢ ᠭᠡᠵᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠤᠪᠴᠢᠶᠠᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号