ᠴᠧᠨ ᠶᠠᠨ ᠪᠦᠦ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2023/3/1
   2 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠩ ᠴᠢ ᠪᠠᠯᠭᠠᠰᠤᠨ ᠳᠤ ᠬᠦᠷᠴᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃  ᠴᠧᠨ ᠶᠠᠨ ᠪᠦᠦ ᠪᠠᠯᠭᠠᠰᠤ᠂ ᠲᠣᠰᠬᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠠᠢ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠤᠯᠤᠯᠳᠠ ᠲᠥᠷᠥᠭᠳᠡᠯ ᠢᠶᠠᠨ ᠬᠤᠪᠢᠶᠠᠯᠴᠠᠵᠤ᠂  ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠭᠰᠠᠨ ᠪᠠᠶᠢᠨ᠎ᠠ᠃ ᠴᠧᠨ ᠶᠠᠨ ᠪᠦᠦ ᠴᠢᠬᠤᠯᠠᠴᠢᠯᠠᠬᠤ  ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠡᠷᠬᠡᠪᠰᠢ  ᠬᠤᠷᠢᠳᠤᠭᠠᠷ ᠶᠡᠭᠡ ᠬᠤᠷᠠᠯ ᠤᠨ ᠤᠯᠤᠰ ᠲᠥᠷᠥ᠂ ᠣᠨᠣᠯ ᠪᠠ ᠦᠢᠯᠡᠳᠦᠯᠭᠡ ᠶᠢᠨ ᠲᠠᠯ᠎ᠠ ᠪᠠᠷ ᠣᠯᠣᠭᠰᠠᠨ ᠴᠢᠬᠤᠯᠠ ᠶᠡᠭᠡ ᠦᠷ᠎ᠡ ᠪᠦᠲᠦᠭᠡᠯ ᠢ ᠭᠦᠨᠵᠡᠭᠡᠢ ᠣᠶᠢᠯᠠᠭᠠᠵᠤ᠂ ᠢᠯᠡᠳᠬᠡᠯ ᠳᠤ ᠲᠣᠳᠣᠷᠬᠠᠶᠢᠯᠠᠭᠰᠠᠨ ᠰᠢᠨ᠎ᠡ ᠦᠵᠡᠯ ᠰᠠᠨᠠᠭ᠎ᠠ᠂ ᠰᠢᠨ᠎ᠡ ᠣᠶᠢᠯᠠᠭᠠᠭᠳᠠᠬᠤᠨ ᠪᠠ ᠰᠢᠨ᠎ᠡ ᠨᠤᠲᠠᠯᠠᠯᠲᠠ ᠶᠢ ᠣᠨᠣᠪᠴᠢᠲᠠᠶ ᠡᠵᠡᠮᠰᠢᠬᠦ ᠬᠡᠷᠡᠭᠲᠡᠢ᠃  ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠵᠡᠷᠭᠡ ᠠᠵᠢᠯ ᠲᠠᠢ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠷ ᠠᠵᠢᠯ ᠦᠢᠯᠡᠳᠦᠯᠭᠡ ᠶᠢ ᠵᠢᠯᠤᠭᠤᠳᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠭᠡᠰᠢᠬᠦᠳ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠳᠡᠷᠡᠳᠡᠯ᠎ᠠ ᠰᠤᠷᠤᠯᠴᠠᠵᠤ᠂ ᠤᠯᠠᠨ ᠲᠦᠮᠡᠨ ᠲᠠᠢ ᠬᠠᠮᠤᠭ ᠠᠴᠠ ᠣᠶᠢᠷᠠᠲᠤᠭᠰᠠᠨ᠂ ᠤᠯᠠᠨ ᠲᠦᠮᠡᠨ ᠤ ᠰᠣᠨᠣᠰᠴᠤ  ᠤᠶᠢᠯᠠᠭᠠᠭᠤᠰᠢᠳᠠᠢ ᠦᠭᠡ ᠶᠠᠷᠢᠶ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠤᠨ᠂ ᠪᠣᠳᠠᠲᠠᠢ ᠠᠵᠢᠯ ᠤᠨ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ  ᠬᠡᠷᠡᠭᠲᠡᠢ ᠭᠡᠪᠡ᠃ ᠬᠤᠷᠠᠯ ᠳᠤ ᠤᠷᠤᠯᠴᠠᠭᠰᠠᠨ ᠨᠠᠮ ᠤᠨ ᠭᠡᠰᠢᠭᠦᠨ ᠺᠠᠳ᠋ᠷᠴᠤᠳ ︽ᠡᠨᠡ ᠤᠳᠠᠭᠠᠨ ᠤ ᠰᠤᠷᠤᠯᠴᠠᠯᠭ᠎ᠠ ᠪᠠᠷ ᠳᠡᠮᠵᠢᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠴᠢ ᠬᠤᠯᠪᠣᠭᠳᠠᠯ ᠢ ᠤᠯᠠᠮ ᠬᠦᠨᠵᠡᠬᠡᠢ ᠤᠶᠢᠯᠠᠭᠠᠯ᠎ᠠ᠂ ᠬᠤᠶᠢᠰᠢᠳᠠ ᠶᠢᠨ ᠠᠵᠢᠯ ᠤᠨ ᠳᠤᠮᠳᠠ ᠪᠠᠨ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠤᠨ᠂ ᠮᠡᠳᠡᠬᠦ ᠢᠲᠡᠭᠡᠬᠦ ᠬᠢᠬᠦ ᠶᠢ ᠨᠢᠭᠡᠳᠬᠡᠵᠦ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠯ᠎ᠡ ᠲᠦᠷᠦᠯ ᠤᠨ ᠠᠵᠢᠯ ᠤᠨ ᠳᠤᠮᠳᠠ ᠪᠠᠨ ᠲᠤᠤᠱᠯᠠᠭᠤᠯᠤᠨ᠂ ᠴᠤᠭ ᠪᠠᠳᠠᠷᠠᠩᠭᠤᠢ ᠣᠶᠤᠨ ᠰᠠᠨᠠᠭᠠᠨ ᠤ ᠳᠦᠷᠰᠦ ᠪᠠᠶᠢᠳᠠᠯ ᠪᠠ ᠪᠣᠳᠠᠲᠠᠢ ᠶᠢ ᠡᠷᠬᠢᠮᠯᠡᠬᠦ ᠠᠵᠢᠯ ᠤᠨ ᠤᠪᠤᠷ ᠰᠤᠷᠲᠠᠯ ᠢ ᠢᠮᠠᠭᠲᠠ ᠪᠠᠷᠢᠮᠲᠠᠯᠠᠵᠤ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ︾  ᠬᠡᠵᠦ ᠢᠯᠡᠷᠬᠡᠶᠢᠯᠡᠵᠡᠭᠡᠪᠡ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号