ᠲᠠᠶᠢᠹᠤᠰᠧ ᠬᠤᠰᠢᠭᠤᠨ ᠤ ᠬᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2023/3/1
   2023 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠭᠤᠣᠯᠳᠠᠯᠭ᠎ᠠ ᠶᠣᠰᠣᠭᠠᠷ ᠂  ᠲᠠᠶᠢᠹᠤᠰᠧ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠥᠷᠲᠡᠭᠡ ᠨᠢ 2 ᠰᠠᠷ᠎ᠠ ᠶᠢᠨ 26 ᠤ ᠡᠳᠦᠷ ᠠᠴᠠ ᠡᠬᠢᠯᠡᠨ 7 ᠰᠤᠮᠤ ᠰᠢᠶᠠᠩ ᠪᠠᠯᠭᠠᠰᠤᠨ ᠤ 507 ᠣᠶ ᠰᠢᠭᠤᠢ ᠨᠤᠳᠤᠭ ᠪᠡᠯᠴᠢᠭᠡᠷ ᠬᠠᠮᠠᠭᠠᠯᠠᠬᠤ ᠠᠵᠢᠯᠳᠠᠨ ᠢ ᠵᠤᠬᠢᠶᠠᠨ ᠪᠠᠶᠢᠭᠤᠯᠵᠤ᠂ ᠠᠮᠢ ᠠᠬᠤᠢ ᠶᠢᠨ ᠬᠠᠮᠢᠶᠠᠷᠤᠯᠲᠠ ᠬᠠᠮᠠᠭᠠᠯᠠᠯᠲᠠ ᠵᠢᠴᠢ ᠪᠥᠬᠦ ᠤᠯᠤᠰ ᠤᠨ ︽ᠬᠤᠶᠠᠷ ᠬᠤᠷᠠᠯ︾ ᠤᠨ  ᠬᠤᠭᠤᠴᠠᠭ᠎ᠠ ᠪᠠ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠮᠡᠳᠡᠯᠭᠡ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠵᠡᠢ᠃ ᠪᠣᠯᠪᠠᠰᠤᠷᠠᠯ ᠳᠡᠭᠡᠷ᠎ᠡ᠂ ︽ ᠲᠠᠶᠢᠹᠤᠰᠧ ᠬᠤᠰᠢᠭᠤᠨ ᠤ  ᠨᠡᠶᠢᠲᠡ ᠶᠢᠨ ᠠᠰᠠᠷᠠᠮᠵᠢ ᠶᠢᠨ ᠣᠶ ᠰᠢᠭᠤᠢ ᠶᠢᠨ ᠬᠠᠮᠠᠭᠠᠯᠠᠭᠴᠢ ᠶᠢᠨ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶︾ ᠶᠢ ᠤᠯᠠᠮᠵᠢᠯᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠮᠡᠳᠡᠯᠭᠡ ᠶᠢ ᠨᠠᠷᠢᠨ ᠲᠠᠶᠢᠯᠪᠤᠷᠢᠯᠠᠭᠰᠠᠨ ᠤ ᠬᠠᠮᠳᠤ  ᠂  ᠴᠠᠭᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠴᠢᠩᠭ᠎ᠠ ᠠᠳᠬᠤᠵᠤ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠭᠠᠵᠠᠷ ᠣᠷᠣᠨ ᠢ ᠴᠢᠩᠭ᠎ᠠ ᠡᠵᠡᠮᠳᠡᠵᠦ᠂ ᠬᠠᠤᠯᠢ ᠲᠦᠷᠢᠮ ᠢ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠵᠢᠯᠯᠠᠭ᠎ᠠ ᠪᠠ ᠭᠠᠯ ᠤᠨ ᠠᠶᠤᠯ ᠤᠨ ᠬᠡᠮ ᠰᠤᠭᠤᠭ  ᠤᠨ ᠪᠠᠶᠢᠴᠠᠭᠠᠯᠳᠠ ᠶᠢᠨ ᠠᠵᠢᠯ ᠢ ᠭᠦᠨᠵᠡᠭᠡᠢ ᠥᠷᠨᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠠᠵᠢᠯᠳᠠᠳ ᠢ ᠱᠠᠭᠠᠷᠳᠠᠪᠠ᠃  ᠳᠠᠷᠠᠭᠠᠴᠢ ᠶᠢᠨ ᠠᠯᠬᠤᠮ ᠳᠤ᠂ ᠲᠤᠰ ᠬᠤᠰᠢᠭᠤ ᠨᠢ ᠸᠢᠴᠠᠲ᠂ ᠲᠧᠯᠸᠢᠰ᠂ ᠷᠠᠳᠢᠣ᠋  ᠵᠡᠷᠭᠡ ᠣᠯᠠᠨ ᠵᠦᠢᠯ ᠤᠨ ᠤᠬᠠᠭᠤᠯᠭ᠎ᠠ ᠶᠢᠨ ᠠᠷᠭ᠎ᠠ ᠵᠠᠮ ᠢ ᠭᠦᠢᠴᠡᠳ  ᠠᠰᠢᠭᠯᠠᠨ᠂  ᠺᠠᠳ᠋ᠷ ᠠᠵᠢᠯᠲᠠᠨ ᠪᠠ  ᠣᠯᠠᠨ ᠲᠦᠮᠡᠨ   ᠢ ᠲᠠᠶᠢᠴᠢᠯᠠᠵᠤ᠂  ᠭᠠᠯ ᠰᠡᠷᠭᠡᠶᠢᠯᠡᠬᠦ ᠤᠬᠠᠭᠤᠯᠭ᠎ᠠ  ᠶᠢ ᠭᠦᠨᠵᠡᠭᠡᠢ ᠦᠷᠨᠢᠬᠦᠯᠦᠨ ᠂ ᠮᠠᠯᠴᠢᠨ ᠲᠠᠷᠢᠶᠠᠴᠢᠨ ᠤ ᠦᠵᠡᠯ ᠲᠠᠨᠢᠯᠲᠠ ᠶᠢ ᠲᠠᠰᠤᠷᠠᠯᠲᠠ ᠦᠭᠡᠢ  ᠲᠡᠭᠡᠭᠰᠢᠯᠡᠬᠦᠯᠵᠦ᠂  ︽ᠬᠤᠶᠠᠷ ᠬᠤᠷᠠᠯ︾ ᠤᠨ ᠬᠤᠭᠤᠴᠠᠭ᠎ᠠ ᠪᠠ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ  ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号