ᠴᠢᠨᠠᠷ ᠰᠠᠶᠢᠲᠠᠢ ᠣᠨᠴᠠᠯᠢᠭᠲᠤ ᠲᠠᠷᠢᠶᠠᠯᠠᠩ ᠮᠠᠯᠵᠢᠯ ᠢ ᠬᠥᠭᠵᠢᠭᠦᠯᠬᠦ ᠳᠤ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠮᠠᠯᠴᠢᠨ ᠢ ᠬᠦᠮᠦᠵᠢᠬᠦᠯᠦᠨ᠎ᠡ
ᠨᠡᠶᠢᠲᠡᠯᠡᠭᠰᠡᠨ ᠴᠠᠭ᠄
2023/3/1
  ᠮᠠᠯᠴᠢᠨ ᠲᠠᠷᠢᠶᠠᠴᠢᠨ ᠤ ᠶᠡᠷᠦᠩᠬᠡᠶᠢᠯᠡᠭᠰᠡᠨ ᠬᠡᠪ ᠴᠢᠨᠠᠷ ᠢ ᠴᠢᠨᠠᠭᠰᠢᠳᠠ ᠲᠡᠭᠡᠭᠰᠢᠯᠡᠬᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠱᠠᠭᠠᠷᠳᠠᠭᠳᠠᠬᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠤᠰᠠᠳᠠ᠂  ᠤᠷᠴᠢᠮᠬᠠᠨ ᠲᠠᠶᠢᠹᠤᠰᠧ ᠬᠤᠰᠢᠭᠤ ᠨᠢ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠮᠥᠵᠢᠭᠦᠯᠬᠦ ᠪᠣᠯᠪᠠᠰᠤᠷᠠᠯ ᠤᠨ ᠠᠩᠭᠢ ᠡᠷᠬᠢᠯᠡᠭᠰᠡᠨ ᠪᠠᠶᠢᠨ᠎ᠠ᠃ ᠡᠨᠡ ᠤᠳᠠᠭᠠᠨ ᠤ ᠪᠣᠯᠪᠠᠰᠤᠷᠠᠯ ᠤᠨ ᠬᠤᠭᠤᠴᠠᠭ᠎ᠠ  ᠨᠢ 8 ᠡᠳᠦᠷ ᠪᠠᠶᠢᠵᠤ᠂ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠮᠡᠷᠭᠡᠵᠢᠯ ᠤᠨ ᠬᠠᠷᠢᠭᠤᠴᠠᠯᠭᠠᠲᠠᠨ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠠᠷᠢᠭᠤᠴᠠᠯᠭᠠᠳᠠᠨ᠂ ᠮᠠᠯᠴᠢᠨ ᠲᠠᠷᠢᠶᠠᠴᠢᠨ ᠤ  ᠬᠤᠷᠰᠢᠶᠠᠵᠢᠯ᠂ ᠲᠠᠷᠢᠶᠠᠯᠠᠩ ᠮᠠᠯᠵᠢᠯ ᠤᠨ ᠠᠵᠤ ᠠᠬᠤᠶᠢᠯᠠᠯ᠂ ᠳᠠᠷᠢᠵᠤ ᠮᠠᠯᠵᠢᠬᠤ ᠲᠣᠮᠣ ᠡᠷᠦᠬᠡ ᠵᠢᠴᠢ ᠵᠣᠬᠢᠬᠤ  ᠬᠡᠪᠴᠢᠶᠡᠨ ᠤ ᠡᠵᠡᠩᠨᠡᠯᠲᠡ ᠬᠢᠵᠦ ᠪᠠᠶᠢᠭ᠎ᠠ 112 ᠮᠠᠯᠴᠢᠨ ᠲᠠᠷᠢᠶᠠᠴᠢᠨ ᠪᠣᠯᠪᠠᠰᠤᠷᠠᠯ ᠳᠤ ᠣᠷᠣᠯᠴᠠᠵᠠᠢ᠃ ᠪᠣᠯᠪᠠᠰᠤᠷᠠᠯ ᠨᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ  ᠠᠬᠤᠢ ᠲᠠᠯᠠᠪᠠᠶ ᠶᠢᠨ ᠦᠵᠡᠭᠦᠯᠦᠯᠭᠡ ᠶᠢᠨ ᠵᠢᠭᠠᠨ ᠰᠤᠷᠭᠠᠯᠲᠠ ᠶᠢ ᠤᠶᠠᠯᠳᠤᠭᠤᠯᠤᠭᠰᠠᠨ ᠬᠡᠯᠪᠡᠷᠢ  ᠪᠠᠷ ᠠᠯᠠᠰᠢᠨ ᠤ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠩᠨᠡᠯᠲᠡ ᠬᠠᠮᠢᠶᠠᠷᠤᠯᠲᠠ᠂ ᠠᠮᠢᠲᠠᠨ ᠤ ᠪᠠᠶᠢᠩᠭᠤ ᠲᠣᠬᠢᠶᠠᠯᠳᠤᠳᠠᠭ ᠡᠪᠡᠳᠴᠢᠨ ᠬᠡᠮ ᠢ ᠰᠡᠷᠭᠡᠶᠢᠯᠡᠨ ᠵᠠᠰᠠᠬᠤ᠂ ᠲᠥᠮᠥᠰᠥ  ᠨᠤᠭᠤᠭ᠎ᠠ ᠳᠠᠷᠢᠬᠤ ᠵᠡᠷᠭᠡ ᠠᠭᠤᠯᠭ᠎ᠠ ᠲᠠᠢ᠃ ᠡᠭᠦᠨ ᠤ ᠵᠣᠷᠢᠯᠭ᠎ᠠ ᠨᠢ ᠲᠠᠷᠢᠶᠠᠯᠠᠩ ᠮᠠᠯ ᠠᠵᠤ ᠠᠬᠤᠢ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠳᠤ ᠪᠠᠴᠢᠮ ᠱᠠᠭᠠᠷᠳᠠᠭᠳᠠᠵᠤ ᠪᠠᠶᠢᠭ᠎ᠠ ᠨᠢᠭᠡ ᠪᠦᠯᠦᠭ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠡᠩᠨᠡᠭᠡ ᠶᠢ ᠬᠥᠮᠥᠵᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠪᠠ ᠬᠥᠳᠡᠭᠡ ᠲᠣᠰᠬᠤᠨ ᠤ ᠠᠵᠤ ᠠᠬᠤᠢ ᠶᠢᠨ ᠳᠠᠭᠠᠭᠤᠯᠤᠭᠴᠢ ᠪᠣᠯᠭᠠᠬᠤ ᠶᠢᠨ ᠲᠥᠯᠥᠭᠡ ᠶᠤᠮ᠃ ᠡᠨᠡ ᠤᠳᠠᠭᠠᠨ ᠤ ᠪᠣᠯᠪᠠᠰᠤᠷᠠᠯ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ   ᠠᠴᠠ ᠭᠤᠣᠯᠯᠠᠨ ᠡᠷᠭᠢᠯᠡᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠪᠣᠳᠠᠲᠠᠢ ᠵᠣᠬᠢᠶᠠᠨ ᠪᠠᠶᠢᠭᠤᠯᠵᠤ  ᠶᠠᠪᠤᠭᠳᠠᠭᠤᠯᠤᠭᠰᠠᠨ ᠪᠠᠶᠢᠨ᠎ᠠ᠃ ᠪᠣᠯᠪᠠᠰᠤᠷᠠᠯ ᠢᠶᠠᠷ ᠲᠠᠮᠵᠢᠭᠠᠳ᠂  ᠡᠳᠡᠭᠡᠷ ᠮᠠᠯᠴᠢᠨ ᠲᠠᠷᠢᠶᠠᠴᠢᠨ   ᠤ ᠬᠠᠷᠠᠭ᠎ᠠ ᠶᠢ ᠨᠢ ᠲᠡᠯᠡᠵᠦ᠂ ᠰᠡᠳᠬᠢᠬᠦᠢ ᠶᠢ ᠨᠢ ᠥᠷᠭᠡᠳᠬᠡᠨ᠂ ᠦᠵᠡᠯᠲᠡ ᠶᠢ ᠨᠢ ᠰᠢᠨᠡᠳᠬᠡᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂  ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号