ᠪᠦᠬᠦ ᠠᠶᠢᠮᠠᠭ ᠤᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠡᠷᠬᠢᠯᠡᠭᠴᠢᠳ ᠤᠨ ᠬᠤᠷᠠᠯ ᠪᠣᠯᠣᠨ | ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ | ᠬᠤᠷᠠᠯ ᠤᠨ ᠵᠣᠷᠢᠭ ᠰᠠᠨᠠᠭ᠎ᠠ ᠵᠢᠴᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ | ᠶᠤᠰᠤᠭᠠᠷ ᠂ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ | ᠨᠢ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ᠂ ᠬᠠᠷᠢᠶ᠎ᠠ ᠤᠷᠤᠨ ᠤ ᠪᠠᠨ ᠮᠡᠳᠡᠭᠡ | ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠡᠵᠡᠩᠨᠡᠯᠲᠡ ᠶᠢᠨ ᠨᠢᠭᠡᠴᠡ ᠳᠤ ᠰᠦᠯᠵᠢᠶᠡᠨ ᠤ ᠠᠮᠤᠷ ᠲᠦᠪᠰᠢᠨ ᠤ | ᠬᠠᠮᠲᠤᠷᠠᠭᠰᠠᠨ ᠪᠠᠶᠢᠴᠠᠭᠠᠯᠳᠠ ᠬᠢᠵᠡᠢ᠃ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠲᠠᠯᠠᠪᠤᠷ ᠲᠤ | ᠰᠣᠯᠢᠯᠴᠠᠬᠤ᠂ ᠲᠠᠩᠰᠠ ᠮᠠᠲ᠋ᠧᠷᠢᠶᠠᠯ ᠢ ᠪᠠᠶᠢᠴᠠᠭᠠᠨ ᠦᠵᠡᠬᠦ᠂ ᠮᠡᠷᠭᠡᠵᠢᠯ ᠤᠨ ᠰᠢᠯᠭᠠᠨ ᠪᠠᠶᠢᠴᠠᠭᠠᠯᠲᠠ ᠬᠢᠬᠦ ᠵᠡᠷᠭᠡ | ᠠᠷᠭ᠎ᠠ ᠬᠡᠯᠪᠡᠷᠢ ᠪᠠᠷ ᠡᠳᠡᠭᠡᠷ ᠨᠢᠭᠡᠴᠡ ᠶᠢᠨ ᠬᠢᠨ ᠤ ᠰᠦᠯᠵᠢᠶᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ᠂ ᠮᠡᠷᠭᠡᠵᠢᠯ ᠤᠨ | ᠬᠠᠮᠠᠭᠠᠯᠠᠯᠲᠠ᠂ ᠮᠠᠰᠢᠨ ᠤ ᠦᠷᠦᠭᠡ ᠶᠢ ᠠᠵᠢᠯᠯᠠᠭᠤᠯᠵᠤ ᠬᠠᠮᠠᠭᠠᠯᠠᠬᠤ᠂ ᠠᠵᠢᠯᠲᠠᠨ ᠤ ᠲᠤᠬᠢᠷᠠᠭᠤᠯᠤᠯᠳᠠ ᠵᠢᠴᠢ | ᠬᠡᠮ ᠰᠣᠭᠤᠭ ᠤᠨ ᠴᠡᠭᠴᠡᠯᠡᠯᠳᠡ ᠶᠢᠨ ᠪᠠᠶᠢᠳᠠᠯ ᠵᠡᠷᠭᠡ ᠳᠤ ᠨᠠᠷᠢᠨ ᠨᠢᠮᠪᠠᠢ ᠪᠠᠶᠢᠴᠠᠭᠠᠯᠲᠠ ᠬᠢᠵᠦ᠂ | ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠲᠤᠬᠠᠢ ᠶᠢᠨ ᠭᠠᠵᠠᠷ ᠲᠤᠨᠢ ᠲᠤᠰᠢᠶᠠᠨ | ᠭᠦᠢᠴᠡᠳᠬᠡᠭᠦᠯᠬᠦ ᠪᠤᠶᠤ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠬᠡᠮ ᠰᠣᠭᠤᠭ ᠢ ᠲᠤᠶᠢᠯᠪᠤᠷᠢᠲᠠᠢ | ᠠᠷᠢᠯᠭᠠᠬᠤ ᠬᠡᠷᠡᠭᠲᠡᠢ ᠭᠡᠵᠦ ᠱᠠᠭᠠᠷᠳᠠᠪᠠ᠃ ᠡᠨᠡ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠪᠠᠷ ᠲᠠᠮᠵᠢᠭᠠᠳ᠂ | ᠪᠦᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠪᠠᠶᠢᠳᠠᠯ ᠢ ᠴᠠᠭ ᠲᠤᠬᠠᠢ ᠳᠤᠨᠢ ᠣᠶᠢᠯᠠᠭᠠᠨ ᠡᠵᠡᠮᠰᠢᠵᠦ᠂ | ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠡᠵᠡᠩᠨᠡᠯᠲᠡ ᠶᠢᠨ ᠨᠢᠭᠡᠴᠡ ᠶᠢᠨ ᠺᠣᠮᠫᠢᠦ᠋ᠲ᠋ᠧᠷ ᠪᠠ | ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ | ᠲᠦᠷᠢᠮᠵᠢᠬᠦᠯᠦᠭᠡᠳ᠂ ᠰᠦᠯᠵᠢᠶᠡᠨ ᠤ ᠠᠮᠤᠷ ᠲᠦᠪᠰᠢᠨ ᠤ ᠪᠠᠳᠤᠯᠠᠭᠠᠨ ᠤ ᠬᠢᠷᠢ ᠴᠢᠳᠠᠪᠤᠷᠢ ᠪᠠ ᠬᠠᠮᠠᠭᠠᠯᠠᠯᠲᠠ ᠶᠢᠨ | ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠪᠥᠬᠦ ᠤᠯᠤᠰ ᠤᠨ ︽ᠬᠤᠶᠠᠷ ᠬᠤᠷᠠᠯ︾ ᠤᠨ ᠠᠮᠵᠢᠯᠲᠠ ᠲᠠᠢ | ᠬᠤᠷᠠᠯᠳᠤᠬᠤ ᠳᠤ ᠠᠮᠤᠷ ᠲᠦᠪᠰᠢᠨ ᠰᠠᠶᠢᠨ ᠰᠠᠶᠢᠬᠠᠨ ᠰᠦᠯᠵᠢᠶᠡᠨ ᠤ ᠣᠷᠴᠢᠨ ᠨᠥᠬᠦᠴᠡᠯ ᠢ ᠪᠣᠶ ᠪᠤᠯᠭᠠᠭᠰᠠᠨ | ᠪᠠᠶᠢᠨ᠎ᠠ᠃ |