ᠲᠠᠶᠢᠹᠤᠰᠧ ᠬᠤᠰᠢᠭᠤ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠢ ᠬᠦᠴᠦᠯᠡᠨ ᠬᠦᠭᠵᠢᠬᠦᠯᠪᠡ
ᠨᠡᠶᠢᠲᠡᠯᠡᠭᠰᠡᠨ ᠴᠠᠭ᠄
2023/3/10
   2022 ᠤᠨ ᠳᠤ᠂  ᠲᠠᠶᠢᠹᠤᠰᠧ ᠬᠤᠰᠢᠭᠤ 11004 ᠠᠵᠢᠯ ᠤᠨ ᠪᠠᠶᠢᠷᠢ ᠶᠢ ᠨᠡᠭᠡᠭᠡᠵᠦ᠂ ᠬᠤᠲᠠ ᠪᠠᠯᠭᠠᠰᠤᠨ ᠤ 1004 ᠬᠥᠮᠥᠨ ᠳᠤ ᠠᠵᠢᠯ ᠤᠯᠭᠤᠨ᠂ 1231 ᠲᠦᠮᠡᠨ ᠲᠥᠭᠦᠷᠢᠭ ᠤᠨ ᠦᠢᠯᠡᠰ ᠪᠦᠳᠦᠬᠡᠬᠦ ᠪᠠᠳᠤᠯᠠᠭᠠᠳᠤ ᠵᠢᠭᠡᠯᠡᠯᠭᠡ ᠲᠠᠷᠬᠠᠭᠠᠭᠰᠠᠨ ᠪᠦᠭᠡᠳ ᠴᠠᠯᠢᠩ ᠥᠷᠢᠲᠦᠬᠦ ᠠᠵᠢᠯᠯᠠᠭ᠎ᠠ ᠶᠢ ᠬᠠᠤᠯᠢ ᠶᠣᠰᠣᠭᠠᠷ ᠦᠨᠳᠦᠰᠦᠨ ᠠᠴᠠ ᠨᠢ ᠵᠠᠰᠠᠵᠤ᠂ ᠬᠥᠯᠥᠰᠦᠨ ᠠᠵᠢᠯᠴᠢᠨ ᠳᠤ ᠦᠷᠢᠳᠦᠭᠰᠡᠨ 850 ᠲᠦᠮᠡᠨ ᠲᠥᠭᠦᠷᠢᠭ ᠤᠨ ᠴᠠᠯᠢᠩ ᠢ ᠨᠡᠬᠡᠮᠵᠢᠯᠡᠨ ᠠᠪᠴᠢᠷᠠᠵᠤ᠂  ᠪᠠᠳᠤᠯᠠᠭᠠᠨ ᠤ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠯ᠎ᠡ ᠲᠥᠷᠥᠯ ᠤᠨ ᠪᠡᠯᠡ ᠮᠥᠩᠭᠦ ᠶᠢ 4.1 ᠳ᠋ᠦᠩᠰᠢᠭᠤᠷ ᠲᠥᠭᠦᠷᠢᠭ ᠲᠠᠷᠭᠠᠭᠠᠨ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ 6.26 ᠳ᠋ᠦᠩᠰᠢᠭᠤᠷ ᠲᠥᠭᠦᠷᠢᠭ ᠲᠠᠷᠬᠠᠭᠠᠵᠤ᠂ 2.44 ᠳ᠋ᠦᠩᠰᠢᠭᠤᠷ ᠲᠥᠭᠦᠷᠢᠭ ᠡᠮ ᠡᠮᠨᠡᠯᠭᠡ ᠶᠢᠨ ᠵᠠᠷᠤᠳᠠᠯ ᠢ ᠲᠠᠩᠰᠠᠨ ᠠᠴᠠ ᠴᠠᠶᠢᠷᠠᠭᠤᠯᠤᠭᠰᠠᠨ ᠪᠠᠶᠢᠨ᠎ᠠ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠲᠠᠢ ᠬᠦᠮᠦᠰ᠂  ᠵᠡᠮᠳᠡᠭ ᠬᠦᠮᠦᠰ ᠵᠡᠷᠭᠡ ᠬᠦᠴᠢᠷᠳᠡᠯᠲᠡᠢ  ᠴᠤᠭᠴᠠᠰ ᠲᠤ 1.34 ᠳ᠋ᠦᠩᠰᠢᠭᠤᠷ ᠲᠥᠭᠦᠷᠢᠭ ᠤᠨ ᠨᠥᠬᠦᠪᠦᠷᠢ ᠣᠯᠭᠤᠵᠤ᠂ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ ᠤᠨ ᠮᠥᠩᠭᠦ᠂ ᠣᠷᠣᠨ ᠨᠤᠲᠤᠭ ᠤᠨ ᠠᠵᠤ ᠠᠬᠤᠢ ᠶᠢᠨ ᠲᠤᠰᠠᠯᠠᠮᠵᠢ ᠶᠢᠨ ᠮᠥᠩᠭᠦ ᠵᠢᠴᠢ ᠠᠰᠠᠷᠠᠨ ᠬᠠᠷᠠᠭᠠᠯᠵᠠᠬᠤ ᠡᠲᠡᠭᠡᠳ ᠤᠨ ᠠᠮᠢᠳᠤᠷᠠᠯ ᠤᠨ ᠲᠤᠰᠠᠯᠠᠮᠵᠢ ᠶᠢᠨ ᠮᠥᠩᠭᠦ ᠶᠢ 1050 ᠲᠦᠮᠡᠨ ᠲᠥᠭᠦᠷᠢᠭ ᠲᠠᠷᠬᠠᠭᠠᠵᠠᠢ᠃ ᠮᠦᠨ ᠵᠢᠯ ᠳᠤ᠂ 11 ᠰᠠᠭᠤᠷᠢ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠰᠠᠭᠤᠷᠢ  ᠲᠦᠬᠦᠭᠡᠷᠦᠮᠵᠢ ᠶᠢ ᠰᠡᠯᠪᠢᠨ ᠵᠠᠰᠠᠵᠤ᠂  ᠨᠢᠭᠡᠳᠦᠭᠡᠷ ᠪᠠᠭ᠎ᠠ ᠰᠤᠷᠭᠠᠭᠤᠯᠢ᠂  ᠭᠤᠷᠪᠠᠳᠤᠭᠠᠷ ᠪᠠᠭ᠎ᠠ ᠰᠤᠷᠭᠠᠭᠤᠯᠢ ᠶᠢᠨ ᠡᠭᠦᠳᠡᠨ ᠤ ᠥᠭᠡᠷᠡᠴᠢᠯᠡᠯᠲᠡ ᠶᠢ ᠪᠡᠶᠡᠯᠡᠭᠦᠯᠦᠨ᠂ ᠲᠠᠪᠤᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠶ ᠶᠢ ᠠᠰᠢᠭᠯᠠᠯᠲᠠ ᠳᠤ ᠤᠷᠤᠭᠤᠯᠤᠭᠰᠠᠨ ᠪᠦᠭᠡᠳ  64 ᠨᠡᠷ᠎ᠡ ᠪᠠᠭᠰᠢ ᠶᠢ ᠤᠷᠢᠨ ᠬᠡᠷᠡᠭᠯᠡᠵᠦ᠂ 7 ᠨᠡᠷ᠎ᠡ ᠰᠢᠯᠢᠳᠡᠭ ᠪᠠᠭᠰᠢ ᠶᠢ ᠤᠷᠢᠵᠤ ᠤᠷᠤᠭᠤᠯᠤᠨ᠂  ᠰᠢᠯᠢᠳᠡᠭ ᠪᠠᠭᠰᠢ ᠶᠢᠨ ᠠᠵᠢᠯ ᠤᠨ ᠪᠦᠲᠦᠮᠵᠢ ᠶᠢᠨ ᠱᠠᠩᠨᠠᠯ 135 ᠲᠦᠮᠡᠨ ᠲᠥᠭᠦᠷᠢᠭ ᠢ ᠣᠯᠭᠤᠵᠤ᠂ ᠠᠩᠭᠢ ᠶᠢᠨ ᠡᠷᠬᠢᠯᠡᠭᠴᠢ ᠶᠢᠨ ᠨᠦᠬᠦᠪᠦᠷᠢ ᠶᠢ ᠳᠡᠭᠡᠭᠰᠢᠯᠡᠭᠦᠯᠪᠡ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠵᠦ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂  ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ᠂ ᠡᠪᠡᠳᠴᠢᠨ ᠲᠠᠬᠤᠯ ᠰᠡᠷᠭᠡᠶᠢᠯᠡᠨ ᠡᠵᠡᠮᠳᠡᠬᠦ ᠲᠥᠪ ᠤᠨ ᠲᠤᠷᠰᠢᠯᠲᠠ ᠶᠢᠨ ᠠᠰᠠᠷ᠂ ᠲᠢᠶᠠᠨ ᠢ ᠨᠠᠰᠤᠳᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠤᠷᠤᠭᠤᠯᠤᠨ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠢ ᠪᠠᠷᠢᠯᠭ᠎ᠠ ᠡᠬᠢᠯᠡᠬᠦᠯᠵᠦ᠂ 28 ᠨᠡᠷ᠎ᠡ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠤᠷᠢᠵᠤ᠂  ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠬᠦᠯᠦᠭᠰᠡᠨ ᠤ ᠬᠠᠮᠳᠤ᠂ ᠦᠷᠡᠭᠳᠡᠭᠰᠡᠨ ᠪᠠᠭᠠᠲᠤᠷᠴᠤᠳ ᠤᠨ  ᠤᠩᠭᠤᠨ ᠤ  ᠦᠬᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠦᠨᠳᠦᠰᠦᠨ ᠳᠡᠭᠡᠨ ᠳᠠᠭᠤᠰᠬᠠᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠪᠠ ᠣᠷᠣᠰᠢᠭᠤᠯᠭ᠎ᠠ ᠶᠢᠨ ᠤᠷᠳᠤᠨ ᠤ ᠥᠷᠭᠡᠳᠬᠡᠨ ᠪᠠᠶᠢᠭᠤᠯᠬᠤ ᠢᠨᠵᠧᠨᠧᠷᠢᠩ᠂  ᠨᠡᠶᠢᠲᠡ ᠶᠢᠨ ᠤᠩᠭᠤᠨ ᠤ ᠪᠠᠶᠢᠭᠤᠯᠤᠯᠳᠠ ᠵᠡᠷᠭᠡ ᠲᠦᠷᠦᠯ ᠵᠦᠢᠯ ᠢ ᠲᠦᠷᠭᠡᠳᠭᠡᠨ ᠠᠬᠢᠭᠤᠯᠪᠠ᠃ ᠡᠶᠢᠨ ᠬᠦ᠋᠂ ᠪᠥᠬᠦ ᠵᠢᠯ ᠳᠤ ᠠᠷᠠᠳ ᠤᠨ ᠠᠮᠢᠳᠤᠷᠠᠯ ᠤᠨ ᠵᠠᠷᠤᠯᠭ᠎ᠠ 18.5 ᠳ᠋ᠦᠩᠰᠢᠭᠤᠷ ᠲᠥᠭᠦᠷᠢᠭ ᠲᠤ ᠬᠦᠷᠴᠦ ᠂ ᠡᠩ ᠤᠨ   ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 88% ᠶᠢ ᠡᠵᠡᠯᠡᠵᠡᠢ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号