ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2023/3/10
   3 ᠰᠠᠷ᠎ᠠ ᠶᠢᠨ 8 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠨᠣᠮ ᠤᠩᠰᠢᠬᠤ ᠠᠩᠭᠢ ᠵᠢᠴᠢ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠶᠠᠪᠤᠭᠳᠠᠭᠤᠯᠪᠠ᠃ ᠬᠤᠷᠠᠯ ᠠᠴᠠ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠣᠯᠣᠨ ᠠᠷᠭ᠎ᠠ ᠶᠢᠨ ᠤᠨᠤᠯ ᠢ ᠪᠦᠬᠦ ᠲᠠᠯ᠎ᠠ ᠪᠠᠷ ᠡᠵᠡᠮᠳᠡᠨ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠭᠠᠷᠭᠠᠭᠰᠠᠨ ᠡᠯ᠎ᠡ ᠲᠦᠷᠦᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠰᠤᠳᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠬᠦᠴᠦᠲᠡᠢ ᠲᠤᠤᠱᠯᠠᠭᠤᠯᠤᠨ᠂ ᠡᠯ᠎ᠡ  ᠲᠦᠷᠦᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠳᠡ ᠦᠭᠡᠢ ᠡᠭᠦᠳᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ   ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠠᠵᠢᠯ ᠤᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ  ᠬᠡᠯᠬᠢᠶᠡᠨ ᠤ ᠬᠥᠭᠵᠢᠯᠲᠡ ᠶᠢ ᠠᠬᠢᠭᠤᠯᠤᠨ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠢᠰᠲ᠋ᠧᠮᠵᠢ ᠶᠢ ᠪᠠᠶᠢᠭᠤᠯᠵᠤ᠂  ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠠᠶᠢᠵᠢᠷᠠᠭᠤᠯᠬᠤ ᠠᠵᠢᠯ ᠢ ᠴᠢᠩᠭ᠎ᠠ ᠠᠳᠬᠤᠨ᠂ ᠭᠤᠣᠯᠳᠠᠯᠭ᠎ᠠ ᠲᠠᠢ ᠲᠥᠷᠥᠯ ᠵᠦᠢᠯ ᠤᠨ  ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠲᠠᠶᠢᠹᠤᠰᠧ ᠬᠤᠰᠢᠭᠤᠨ ᠤ ᠡᠭᠦᠷᠭᠡᠯᠡᠯ ᠢ ᠢᠯᠡᠷᠡᠭᠦᠯᠵᠦ᠂ ᠲᠠᠶᠢᠹᠤᠰᠧ ᠬᠤᠰᠢᠭᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠦ ᠵᠢᠭᠠᠵᠤ ᠭᠠᠷᠭᠠᠭᠰᠠᠨ ᠪᠠᠶᠢᠨ᠎ᠠ᠃ ᠬᠤᠷᠠᠯ  ᠲᠡᠭᠡᠷ᠎ᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ︽︿ᠲᠠᠪᠤᠨ ᠶᠡᠭᠡ ᠡᠭᠦᠷᠭᠡ﹀ ᠶᠢᠨ 2023 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠵᠡᠷᠭᠡ ᠶᠢ  ᠤᠯᠠᠮᠵᠢᠯᠠᠵᠤ᠂ ︽ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ  ᠨᠠᠶᠢᠳᠠᠪᠤᠷᠢᠵᠢᠭᠤᠯᠤᠶ᠎ᠠ︾  ᠬᠡᠮᠡᠬᠦ ᠲᠤᠰᠬᠠᠢ ᠰᠡᠳᠦᠪᠲᠦ ᠲᠠᠶᠢᠯᠤᠮᠵᠢ ᠶᠢ ᠰᠣᠨᠢᠷᠬᠠᠪᠠ᠃ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠬᠦᠳ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ ᠤᠨ ᠡᠷᠬᠢᠯᠡᠭᠴᠢ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠨᠠᠷᠢᠨ ᠪᠢᠴᠢᠭᠡᠴᠢ ᠨᠠᠷ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号