ᠲᠠᠶᠢᠹᠤᠰᠧ ᠬᠤᠰᠢᠭᠤ ᠢᠳᠡᠭᠡᠨ ᠤᠮᠳᠠᠭᠠᠨ ᠤ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/3/10
   ᠢᠳᠡᠭᠡᠨ ᠤᠮᠳᠠᠭᠠᠨ ᠤ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠢ  ᠪᠠᠳᠤᠯᠠᠵᠤ᠂ ᠢᠳᠡᠭᠡᠨ ᠤᠮᠳᠠᠭᠠᠨ ᠤ ᠠᠵᠢᠯ  ᠦᠢᠯᠡᠰ  ᠡᠷᠬᠢᠯᠡᠭᠰᠡᠳ ᠤᠨ ᠢᠳᠡᠭᠡᠨ ᠤ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ ᠤ ᠦᠵᠡᠯ ᠤᠬᠠᠮᠰᠠᠷ ᠢ ᠪᠣᠶ ᠪᠤᠯᠭᠠᠨ᠂ ᠢᠳᠡᠭᠡᠨ ᠤᠮᠳᠠᠭᠠᠨ ᠤ ᠠᠶᠤᠯᠬᠦᠢ ᠦᠢᠯᠡᠳᠪᠦᠷᠢᠯᠡᠯ ᠵᠢᠴᠢ ᠢᠳᠡᠭᠡᠨ ᠤᠮᠳᠠᠭᠠᠨ ᠪᠦᠷᠢᠯᠭᠡᠨ ᠰᠦᠢᠳᠬᠡᠬᠦ ᠶᠢ ᠬᠤᠷᠢᠭᠯᠠᠬᠤ ᠠᠵᠢᠯ ᠢ  ᠪᠣᠳᠠᠲᠠᠢ ᠳᠤ  ᠨᠠᠶᠢᠳᠠᠪᠤᠷᠢᠵᠢᠭᠤᠯᠵᠤ ᠦᠷ᠎ᠡ ᠪᠦᠲᠦᠮᠵᠢ  ᠭᠠᠷᠭᠠᠬᠤ ᠶᠢᠨ ᠲᠦᠯᠦᠭᠡ᠂ 3 ᠰᠠᠷ᠎ᠠ ᠶᠢᠨ 8 ᠤ ᠡᠳᠦᠷ ᠲᠠᠶᠢᠹᠤᠰᠧ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ᠂ ᠪᠦᠭᠦ ᠬᠤᠰᠢᠭᠤᠨ ᠤ ᠢᠳᠡᠭᠡᠨ ᠤᠮᠳᠠᠭᠠᠨ ᠤ ᠠᠵᠢᠯ ᠲᠦᠷᠤᠯ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠠᠶᠤᠯᠭᠦᠢ ᠦᠢᠯᠡᠳᠪᠦᠷᠢᠯᠡᠯ ᠪᠠ ᠢᠳᠡᠭᠡᠨ ᠤᠮᠳᠠᠭᠠᠨ ᠤ ᠪᠦᠷᠢᠯᠭᠡᠬᠦ ᠶᠢ ᠬᠤᠷᠢᠭᠯᠠᠬᠤ ᠪᠣᠯᠪᠠᠰᠤᠷᠠᠯ ᠤᠨ ᠬᠤᠷᠠᠯ ᠡᠷᠬᠢᠯᠡᠵᠡᠢ᠃  ᠬᠤᠷᠠᠯ ᠨᠢ ︽ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ︾ ︽ᠦᠢᠯᠡᠳᠪᠦᠷᠢᠯᠡᠯ ᠤᠨ ᠠᠶᠤᠯᠭᠦᠢ ᠶᠢᠨ ᠠᠵᠢᠯ ᠢ ᠬᠡᠷᠬᠢᠨ ᠰᠠᠶᠢᠲᠤᠷ ᠬᠢᠬᠦ︾ ︽ᠢᠳᠡᠭᠡᠨ ᠤ ᠠᠮᠤᠷ ᠲᠦᠪᠰᠢᠨ ᠢ ᠬᠡᠷᠬᠢᠨ ᠪᠦᠲᠦᠮᠵᠢᠲᠡᠶ ᠪᠠᠲᠤᠯᠠᠬᠤ︾ ︽ᠢᠳᠡᠭᠡᠨ ᠤᠮᠳᠠᠭᠠᠨ ᠪᠦᠷᠢᠯᠭᠡᠬᠦ ᠦᠶᠯᠡ ᠠᠵᠢᠯᠯᠠᠭ᠎ᠠ ᠶᠢ ᠬᠡᠷᠬᠢᠨ ᠰᠡᠷᠭᠡᠶᠢᠯᠡᠬᠦ︾ ᠳᠥᠷᠪᠡᠨ ᠠᠭᠤᠯᠭ᠎ᠠ ᠶᠢᠨ ᠲᠣᠭᠤᠷᠢᠨ ᠳᠤ᠂ ᠠᠵᠢᠯ ᠡᠷᠬᠢᠯᠡᠭᠰᠡᠳ ᠲᠤ ᠰᠢᠲᠠᠮᠠᠬᠠᠢ ᠬᠡᠢ ᠶᠢ ᠠᠶᠤᠯ ᠦᠬᠡᠢ ᠭᠡᠷᠡᠭᠯᠡᠬᠦ᠂ ᠲᠣᠭᠤᠭᠠᠨ ᠭᠡᠷ ᠤᠨ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂  ᠲᠦᠷᠢᠮᠵᠢᠭᠰᠡᠨ ᠡᠵᠡᠩᠨᠡᠯᠲᠡ ᠶᠢᠨ ᠦᠶᠯᠡ ᠠᠵᠢᠯᠯᠠᠭ᠎ᠠ ᠵᠡᠷᠭᠡ ᠲᠠᠯ᠎ᠠ  ᠪᠠᠷ ᠭᠤᠣᠯᠳᠠᠯᠭ᠎ᠠ ᠲᠠᠢ  ᠲᠠᠶᠢᠯᠤᠮᠵᠢ ᠬᠢᠭᠰᠡᠨ ᠪᠦᠭᠡᠳ ᠢᠳᠡᠭᠡᠨ ᠤᠮᠳᠠᠭᠠᠨ ᠤ ᠠᠵᠢᠯ ᠦᠢᠯᠡᠰ ᠡᠷᠬᠢᠯᠡᠭᠰᠡᠳ ᠢ ᠵᠣᠬᠢᠶᠠᠨ ᠪᠠᠶᠢᠭᠤᠯᠵᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠥᠮᠦᠵᠢᠯ ᠤᠨ ᠰᠡᠷᠡᠮᠵᠢ ᠶᠢᠨ ᠹᠢᠯᠢᠮ ᠢ ᠦᠵᠡᠬᠦᠯᠦᠨ᠂  ᠡᠷᠭᠡᠪᠰᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠤᠰᠤᠯ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ᠃ ᠲᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ   ᠨᠢ ᠪᠠᠶᠢᠴᠠᠭᠠᠯᠲᠠ ᠶᠢᠨ ᠡᠷᠴᠢᠮ ᠢᠶᠠᠨ ᠤᠯᠠᠮ ᠴᠢᠩᠭᠠᠷᠠᠭᠤᠯᠵᠤ᠂ ᠪᠥᠬᠦ ᠬᠤᠰᠢᠭᠤᠨ ᠤ ᠢᠳᠡᠭᠡᠨ ᠤᠮᠳᠠᠭᠠᠨ ᠤ ᠠᠵᠢᠯ ᠲᠥᠷᠥᠯ ᠤᠨ ᠪᠣᠬᠢᠷᠳᠤᠯ ᠦᠭᠡᠢ ᠠᠮᠤᠷ ᠲᠦᠪᠰᠢᠨ ᠡᠮᠬᠢ ᠵᠢᠷᠤᠮ ᠲᠠᠢ ᠬᠥᠭᠵᠢᠯᠲᠡ ᠶᠢ ᠪᠥᠬᠦ ᠬᠦᠴᠦᠨ ᠢᠶᠠᠷ  ᠪᠠᠳᠤᠯᠠᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号