ᠵᠤᠤ ᠹᠧᠢ ᠫᠧᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠠᠶᠢᠭᠤᠯᠤᠯᠲᠠ ᠶᠢ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2023/3/10
   3 ᠰᠠᠷ᠎ᠠ ᠶᠢᠨ 8 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠯᠥᠸᠧ ᠲᠦᠸᠧ ᠠᠭᠤᠯᠠ ᠪᠠᠯᠭᠠᠰᠤ᠂ ᠶᠦᠩ ᠹᠧᠩ ᠪᠠᠯᠭᠠᠰᠤᠨ ᠳᠤ ᠬᠦᠨᠵᠡᠬᠡᠶᠢᠷᠡᠵᠦ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ  ᠰᠤᠳᠤᠯᠪᠠ ᠃  ᠸᠠᠩ ᠸᠧᠢ ᠬᠤᠩ᠂ ᠵᠤᠤ ᠬᠠᠢ ᠯᠢ ᠬᠠᠮᠲᠤᠪᠠᠷ ᠪᠠᠶᠢᠴᠠᠭᠠᠨ ᠰᠤᠳᠤᠯᠤᠯᠲᠠ ᠬᠢᠵᠡᠢ᠃ ᠵᠤᠤ ᠹᠧᠢ ᠫᠧᠩ᠂ ᠠᠶᠢᠯ ᠲᠣᠰᠬᠤᠨ ᠤ ᠣᠨᠴᠠᠯᠢᠭ ᠪᠠ ᠴᠢᠨᠠᠷ ᠰᠠᠶᠢᠲᠠᠢ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠥᠨᠳᠥᠷ ᠪᠠᠷᠢᠮᠵᠢᠶ᠎ᠠ᠂ ᠥᠨᠳᠥᠷ ᠲᠦᠪᠰᠢᠨ ᠲᠠᠢ ᠪᠠᠶᠢᠭᠤᠯᠵᠤ᠂ ᠣᠯᠠᠨ ᠲᠦᠮᠡᠨ ᠤ ᠤᠯᠤᠯᠳᠠ ᠬᠦᠷᠲᠡᠮᠵᠢ ᠶᠢᠨ ᠲᠥᠷᠥᠭᠳᠡᠯ᠂  ᠠᠵᠠ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠤᠯᠠᠨ ᠲᠦᠮᠡᠨ ᠤ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠮ ᠤᠨ ᠭᠡᠰᠢᠭᠦᠨ ᠤᠯᠠᠨ ᠲᠦᠮᠡᠨ ᠢ ᠲᠠᠶᠢᠴᠢᠯᠠᠨ ᠵᠣᠯ ᠵᠢᠷᠭᠠᠯᠲᠤ ᠭᠡᠷ ᠣᠷᠣᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠳᠤ ᠢᠳᠡᠪᠬᠢᠳᠡᠢ  ᠤᠷᠤᠯᠴᠠᠭᠤᠯᠬᠤ‌‍ᠤ᠋ ᠬᠡᠷᠡᠭᠲᠡᠢ᠃ ᠬᠥᠳᠡᠭᠡ ᠲᠣᠰᠬᠤᠨ ᠤ ᠪᠠᠶᠢᠭᠤᠯᠤᠯᠲᠠ ᠪᠣᠯᠣᠨ ᠠᠵᠤ ᠦᠢᠯᠡᠰ ᠤᠨ ᠬᠥᠭᠵᠢᠯᠲᠡ ᠶᠢ ᠣᠷᠭᠠᠨᠢᠭ ᠢᠶᠠᠷ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠠᠷ ᠵᠣᠷᠢᠯᠭ᠎ᠠ ᠪᠣᠯᠭᠠᠨ ᠳᠠᠪᠠᠭᠤᠯᠢᠭ ᠠᠵᠤ ᠦᠢᠯᠡᠰ ᠢ ᠬᠥᠭᠵᠢᠭᠦᠯᠵᠦ᠂ ᠪᠦᠬᠦ ᠠᠵᠤ ᠦᠢᠯᠡᠰ ᠤᠨ ᠬᠡᠯᠬᠢᠶᠡᠨ ᠤ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ ᠬᠡᠷᠡᠭᠲᠡᠢ᠃ ᠣᠷᠣᠰᠢᠨ ᠰᠠᠭᠤᠷᠢᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠵᠠᠩ ᠳᠠᠳᠬᠠᠯ ᠪᠠ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢᠨ ᠬᠡᠷᠡᠭᠴᠡᠭᠡ ᠳᠤ ᠨᠡᠶᠢᠴᠡᠭᠦᠯᠬᠦ ᠬᠡᠷᠡᠭᠲᠡᠢ᠃ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠶᠢ ᠪᠣᠳᠣᠯᠬᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠠᠶᠢᠭᠤᠯᠤᠯᠲᠠ ᠶᠢ ᠣᠲᠣ ᠦᠶ᠎ᠡ ᠶᠢᠨ ᠲᠠᠷᠢᠶᠠᠯᠠᠩ᠂ ᠬᠥᠳᠡᠭᠡ ᠲᠣᠰᠬᠤᠨ ᠤ ᠵᠢᠭᠤᠯᠴᠢᠯᠠᠯ᠂ ᠠᠮᠢ ᠠᠬᠤᠢ ᠶᠢᠨ ᠪᠠᠶᠢᠭᠤᠯᠤᠯᠲᠠ ᠵᠡᠷᠭᠡ ᠠᠵᠢᠯ ᠲᠠᠢ ᠨᠢᠭᠲᠠ ᠤᠶᠠᠯᠳᠤᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠵᠢᠱᠢᠶ᠎ᠡ ᠦᠵᠡᠭᠦᠯᠬᠦ ᠲᠣᠰᠬᠤᠨ ᠤ  ᠪᠠᠶᠢᠭᠤᠯᠤᠯᠲᠠ ᠶᠢ ᠠᠬᠢᠭᠤᠯᠵᠤ᠂ ᠣᠯᠠᠨ ᠲᠦᠮᠡᠨ ᠳᠤ ᠵᠣᠯ ᠵᠢᠷᠭᠠᠯᠲᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠡᠳ᠋ᠯᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠯᠥᠸᠧ ᠲᠦᠸᠧ ᠱᠠᠨ ᠪᠠᠯᠭᠠᠰᠤ᠂ ᠶᠦᠩ ᠹᠧᠩ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号