ᠲᠠᠶᠢᠹᠤᠰᠧ ᠬᠤᠰᠢᠭᠤ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠷᠬᠢᠯᠳᠡ  ᠶᠢᠨ ᠲᠦᠷᠢᠮᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2023/3/10
   3 ᠰᠠᠷ᠎ᠠ ᠶᠢᠨ 9 ᠤ ᠡᠳᠦᠷ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠷᠬᠢᠯᠳᠡ ᠶᠢᠨ ᠲᠦᠷᠢᠮᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠣᠳᠣᠬᠠᠨ ᠤ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠷᠭᠢᠯᠲᠡ ᠶᠢᠨ ᠳᠤᠮᠳᠠ ᠣᠷᠣᠰᠢᠵᠤ ᠪᠠᠶᠢᠭ᠎ᠠ  ᠵᠦᠷᠢᠴᠡᠯ ᠵᠢᠭᠤᠷᠠᠭᠠᠨ ᠤ ᠲᠣᠭᠤᠷᠢᠨ ᠳᠤ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠤᠨ᠂ ᠬᠠᠮᠢᠶ᠎ᠠ ᠪᠤᠶᠢᠭᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠲᠡᠭᠡᠷ᠎ᠡ  ᠂ ᠡᠯ᠎ᠡ ᠰᠤᠮᠤ ᠰᠢᠶᠠᠩ ᠪᠠᠯᠭᠠᠰᠤᠨ ᠤ ᠭᠠᠵᠠᠷ ᠰᠢᠷᠣᠢ ᠶᠢᠨ ᠡᠷᠭᠢᠯᠲᠡ ᠶᠢᠨ ᠳᠤᠮᠳᠠ ᠣᠷᠣᠰᠢᠵᠤ ᠪᠠᠶᠢᠭ᠎ᠠ  ᠠᠰᠠᠭᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠪᠠ ᠰᠠᠨᠠᠯ ᠰᠠᠨᠠᠭᠤᠯᠭ᠎ᠠ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠭᠠᠵᠠᠷ ᠰᠢᠷᠣᠢ ᠶᠢᠨ ᠡᠷᠭᠢᠯᠲᠡ ᠶᠢ ᠬᠡᠷᠬᠢᠨ ᠲᠦᠷᠢᠮᠵᠢᠬᠦᠯᠬᠦ ᠪᠠ  ᠵᠦᠷᠢᠴᠡᠯ ᠵᠢᠭᠤᠷᠠᠭᠠᠨ ᠢ ᠬᠡᠷᠬᠢᠨ ᠰᠡᠷᠭᠡᠶᠢᠯᠡᠵᠦ ᠰᠢᠢᠳᠪᠦᠷᠢᠯᠡᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠴᠧᠨ ᠶᠠᠨ ᠪᠦᠦ  ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠭᠢᠯᠲᠡ ᠶᠢᠨ ᠳᠤᠮᠳᠠ ᠢᠯᠡᠷᠡᠭᠰᠡᠨ ᠠᠰᠠᠭᠤᠳᠠᠯ ᠢ ᠰᠢᠢᠳᠪᠦᠷᠢᠯᠡᠬᠦ ᠳᠤ ᠤᠭ ᠦᠨᠳᠦᠰᠦᠨ ᠠᠴᠠ ᠨᠢ ᠬᠦᠴᠦᠯᠡᠵᠦ᠂ ᠡᠬᠢ ᠰᠤᠷᠪᠤᠯᠵᠢ ᠠᠴᠠ ᠨᠢ ᠵᠠᠰᠠᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠪᠣᠯᠣᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ  ᠶᠢᠨ ᠰᠠᠯᠠᠭ᠎ᠠ ᠮᠥᠴᠢᠷ  ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠤᠯᠢ︾ ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠬᠦᠯᠬᠦ ᠬᠠᠮᠢᠶᠠᠷᠤᠯᠲᠠ ᠶᠢᠨ ᠠᠷᠭ᠎ᠠ︾  ᠶᠤᠰᠤᠭᠠᠷ᠂ ᠭᠠᠵᠠᠷ ᠰᠢᠷᠣᠢ ᠶᠢᠨ ᠡᠷᠭᠢᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂  ᠭᠡᠷ᠎ᠡ ᠲᠤᠭᠳᠠᠬᠤ ᠶᠢ ᠲᠦᠷᠢᠮᠵᠢᠬᠦᠯᠵᠦ  ᠨᠢᠭᠡᠳᠭᠡᠨ᠂  ᠲᠥᠷᠥ ᠶᠢᠨ ᠪᠣᠳᠣᠯᠭ᠎ᠠ ᠬᠠᠤᠯᠢ ᠲᠦᠷᠢᠮ ᠢ ᠥᠷᠭᠡᠨ ᠢᠶᠠᠷ ᠤᠬᠠᠭᠤᠯᠵᠤ᠂ ᠡᠷᠬᠡ ᠲᠡᠭᠰᠢ᠂ ᠲᠥᠪ ᠭᠤᠥᠯᠴᠢ᠂ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠡᠬᠦᠳᠦᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠤᠷᠤᠭᠰᠢᠲᠠᠢ ᠶᠠᠪᠤᠭᠳᠠᠬᠤ ᠶᠢ  ᠪᠠᠳᠤᠯᠠᠬᠤ ᠭᠡᠷᠡᠭᠳᠡᠢ᠃  ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠲᠤᠯᠤᠭᠠᠶᠢᠯᠠᠨ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠲᠠᠷᠢᠶᠠᠯᠠᠩ  ᠮᠠᠯ ᠠᠵᠤ ᠠᠬᠤᠢ ᠶᠢᠨ ᠲᠣᠪᠴᠢᠶ᠎ᠠ ᠪᠠ  ᠡᠯ᠎ᠡ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠢᠶᠠᠷ ᠬᠡᠰᠢᠬᠦᠨ ᠨᠢᠬᠡᠴᠡ ᠪᠣᠯᠭᠠᠭᠰᠠᠨ ᠠᠵᠢᠯᠯᠠᠬᠤ ᠳᠤᠭᠤᠶᠢᠯᠠᠩ ᠢ ᠪᠠᠶᠢᠭᠤᠯᠵᠤ᠂ ᠣᠳᠣᠬᠠᠨ ᠤ ᠬᠥᠳᠡᠭᠡ ᠲᠣᠰᠬᠤᠨ ᠤ ᠭᠠᠵᠠᠷ ᠰᠢᠷᠣᠢ  ᠶᠢᠨ ᠡᠷᠭᠢᠯᠲᠡ ᠶᠢᠨ ᠵᠦᠷᠢᠴᠡᠯ ᠵᠢᠭᠤᠷᠠᠭᠠᠨ ᠤ ᠠᠰᠠᠭᠤᠳᠠᠯ ᠢ  ᠨᠠᠷᠢᠨ ᠨᠢᠮᠪᠠᠢ ᠪᠠᠶᠢᠴᠠᠭᠠᠵᠤ ᠰᠢᠢᠳᠪᠦᠷᠢᠯᠡᠨ᠂ ᠬᠠᠤᠯᠢ ᠪᠤᠰᠤ ᠪᠠᠷ ᠭᠠᠵᠠᠷ ᠰᠢᠷᠤᠢ ᠶᠢᠨ ᠦᠨ᠎ᠡ ᠶᠢ ᠥᠰᠬᠡᠬᠦ ᠵᠡᠷᠭᠡ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ  ᠵᠦᠷᠢᠴᠡᠭᠰᠡᠳ ᠢ ᠴᠢᠩᠭ᠎ᠠ ᠰᠢᠢᠳᠪᠦᠷᠢᠯᠡᠬᠦ ᠬᠡᠷᠡᠭᠲᠡᠢ᠃ ᠬᠥᠳᠡᠭᠡ ᠲᠣᠰᠬᠤᠨ ᠤ ᠭᠠᠵᠠᠷ ᠰᠢᠷᠣᠢ ᠶᠢ ᠡᠷᠭᠢᠯᠲᠡ ᠶᠢᠨ ᠠᠵᠢᠯᠯᠠᠭ᠎ᠠ ᠶᠢ ᠤᠯᠠᠮ ᠲᠦᠷᠢᠮᠵᠢᠬᠦᠯᠵᠦ᠂  ᠭᠡᠷ᠎ᠡ ᠶᠢᠨ ᠳᠦᠷᠢᠮ ᠢ ᠨᠢᠭᠡᠳᠦᠯᠲᠡᠢ ᠪᠤᠯᠭᠠᠨ᠂  ᠭᠡᠷ᠎ᠡ ᠲᠣᠭᠲᠠᠬᠤ ᠵᠢᠯᠣᠭᠤᠳᠤᠯᠭ᠎ᠠ ᠶᠢ ᠴᠢᠩᠭᠠᠳᠬᠠᠵᠤ᠂  ᠲᠠᠭᠠᠭᠠᠴᠢᠯᠠᠵᠤ ᠲᠠᠭᠠᠭᠠᠴᠢᠯᠠᠭᠤᠯᠬᠤ ᠬᠤᠶᠠᠷ ᠲᠠᠯ᠎ᠠ ᠶᠢᠨ ᠬᠠᠤᠯᠢ ᠲᠦᠷᠢᠮ ᠪᠠ ᠲᠥᠷᠥ ᠶᠢᠨ ᠪᠣᠳᠣᠯᠭ᠎ᠠ ᠶᠢ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠠᠰᠠᠭᠤᠳᠠᠯ ᠢ ᠡᠷᠡᠰ ᠴᠡᠭᠴᠡᠯᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠ ᠥᠨᠳᠥᠷ ᠤᠨᠠᠯᠳᠠᠳᠤ  ᠪᠣᠷᠳᠣᠭᠠᠨ ᠤ ᠭᠠᠵᠠᠷ ᠲᠤ ᠨᠡᠷᠡᠨ ᠬᠤᠸᠠᠷ ᠳᠠᠷᠢᠬᠤ᠂  ᠴᠢᠬᠢ ᠮᠣᠳᠣ ᠪᠣᠶᠢᠵᠢᠭᠤᠯᠬᠤ ᠵᠡᠷᠭᠡ ᠶᠢ ᠴᠢᠩᠭ᠎ᠠ ᠴᠠᠭᠠᠵᠠᠯᠠᠵᠤ᠂ ᠨᠢᠭᠡᠨᠲᠡ ᠳᠠᠷᠢᠭᠰᠠᠨ ᠪᠤᠯ ᠡᠷᠬᠡᠪᠰᠢ 2 ᠵᠢᠯ ᠤᠨ ᠳᠣᠲᠣᠷ᠎ᠠ ᠪᠦᠬᠦᠨ ᠢ ᠴᠡᠪᠡᠷᠯᠡᠬᠦ ᠬᠡᠷᠡᠭᠲᠡᠢ᠃ ᠲᠠᠷᠢᠶᠠᠯᠠᠩ  ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠬᠦᠯᠬᠦ ᠬᠠᠮᠢᠶᠠᠷᠤᠯᠲᠠ ᠶᠢᠨ ᠠᠷᠭ᠎ᠠ︾ ᠶᠢᠨ ᠲᠤᠬᠠᠢ ᠪᠤᠯᠪᠠᠰᠤᠷᠠᠯ ᠢ ᠴᠢᠩᠭᠠᠳᠬᠠᠵᠤ᠂ ᠡᠯ᠎ᠡ ᠰᠤᠮᠤ ᠰᠢᠶᠠᠩ ᠪᠠᠯᠭᠠᠰᠤ ᠪᠣᠯᠣᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠨᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠡᠯ᠎ᠡ ᠭᠠᠴᠠᠭ᠎ᠠ ᠲᠣᠰᠬᠤᠨ ᠨᠢ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠵᠢᠯᠣᠭᠤᠳᠤᠯᠭ᠎ᠠ ᠳᠣᠣᠷ᠎ᠠ ᠬᠠᠷᠢᠶ᠎ᠠ ᠣᠷᠣᠨ ᠤ   ᠪᠠᠨ ᠡᠯ᠎ᠡ ᠲᠦᠷᠦᠯ ᠤᠨ ᠲᠠᠷᠢᠵᠤ ᠤᠷᠭᠤᠭᠤᠯᠬᠤ ᠬᠦᠷᠢᠶᠡᠯᠡᠩ ᠲᠤᠭᠤᠷᠢᠭ ᠲᠠᠢ ᠲᠠᠷᠢᠶᠠᠨ ᠭᠠᠵᠠᠷ ᠢ  ︽ᠠᠮᠤ ᠪᠤᠳᠠᠭᠠᠨ ᠤ ᠪᠤᠰᠤ ᠪᠣᠯᠭᠠᠬᠤ  ︾ ᠶᠢ ᠴᠢᠩᠭ᠎ᠠ ᠴᠠᠭᠠᠵᠠᠯᠠᠬᠤ ᠠᠮᠠᠯᠠᠯᠲᠠ ᠶᠢᠨ ᠭᠡᠷ᠎ᠡ ᠲᠣᠭᠲᠠᠵᠤ᠂  ᠵᠦᠢ ᠵᠤᠬᠢᠰᠳᠠᠢ ᠪᠠᠲᠤᠯᠠᠭ᠎ᠠ ᠶᠢᠨ ᠮᠥᠩᠭᠦ  ᠶᠢ ᠬᠤᠷᠢᠶᠠᠨ᠂ ᠲᠣᠭᠲᠠᠭᠰᠠᠨ ᠲᠠᠷᠢᠶᠠᠨ ᠭᠠᠵᠠᠷ ᠲᠤ ᠳᠠᠭᠢᠵᠤ ᠠᠮᠤ ᠪᠤᠳᠠᠭᠠᠨ ᠤ ᠪᠤᠰᠤ ᠲᠠᠷᠢᠮᠠᠯ ᠳᠠᠷᠢᠬᠤ ᠦᠭᠡᠢ ᠪᠠᠶᠢᠬᠤ ᠶᠢ ᠦᠨᠡᠨᠬᠦ  ᠪᠠᠳᠤᠯᠠᠬᠤ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃ ᠳ᠋ᠦ᠋ ᠸᠧᠢ᠂  ᠯᠢ ᠵᠠᠨ ᠪᠦᠦ᠂  ᠯᠢ ᠯᠢ ᠵᠢᠶᠦ᠋ᠨ᠂  ᠨᠠᠷᠠᠰᠤ  ᠵᠡᠷᠭᠡ ᠤᠳᠤᠷᠢᠳᠤᠯᠭ᠎ᠠ ᠵᠢᠴᠢ  ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠰᠤᠮᠤ ᠰᠢᠶᠠᠩ ᠪᠠᠯᠭᠠᠰᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号