ᠮᠥᠩᠭᠦᠨ ᠬᠦᠢᠯᠭᠡᠭᠡ ᠪᠠᠷ ᠵᠡᠮᠳᠡᠭᠴᠦᠳ ᠢ ᠲᠤᠰᠠᠯᠠᠵᠤ ᠬᠦᠰᠡᠯ ᠵᠡᠭᠦᠳᠦ ᠶᠢ ᠨᠢ ᠬᠠᠪᠰᠤᠷᠤᠨ ᠪᠡᠶᠡᠯᠡᠬᠦᠯᠦᠨᠡᠮ
ᠨᠡᠶᠢᠲᠡᠯᠡᠭᠰᠡᠨ ᠴᠠᠭ᠄
2023/3/10
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ ᠂ 3 ᠰᠠᠷ᠎ᠠ ᠶᠢᠨ 8  ᠤ ᠡᠳᠦᠷ ᠲᠠᠶᠢᠹᠤᠰᠧ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠲᠠᠷᠢᠶᠠᠯᠠᠩ ᠤᠨ ᠪᠠᠩᠬᠢ ᠶᠢᠨ ᠲᠠᠶᠢᠹᠤᠰᠧ ᠬᠤᠰᠢᠭᠤᠨ ᠤ ᠰᠠᠯᠪᠤᠷᠢ ᠪᠠᠩᠬᠢ ᠲᠠᠢ ᠮᠥᠩᠭᠦᠨ ᠬᠦᠢᠯᠭᠡᠭᠡ ᠪᠠᠷ ᠵᠡᠮᠳᠡᠭᠴᠦᠳ ᠢ ᠲᠤᠰᠠᠯᠠᠬᠤ ᠬᠠᠮᠲᠤᠷᠠᠯᠴᠠᠭᠠᠨ ᠤ  ᠭᠡᠷ᠎ᠡ ᠲᠤᠭᠳᠠᠵᠤ᠂ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠠᠢ᠃  ᠠᠬᠤᠢ ᠲᠠᠯᠠᠪᠠᠢ ᠳᠤ᠂  ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠲᠠᠷᠢᠶᠠᠯᠠᠩ ᠤᠨ ᠪᠠᠩᠬᠢ ᠲᠠᠢ ᠬᠠᠮᠲᠤᠷᠠᠯᠴᠠᠭᠠᠨ ᠤ  ᠭᠡᠷ᠎ᠡ ᠲᠣᠭᠲᠠᠵᠤ᠂ ᠵᠠᠰᠠᠭ ᠤᠨ ᠣᠷᠳᠣᠨ ᠪᠠ ᠪᠠᠩᠬᠢ ᠶᠢᠨ ᠰᠢᠰᠲ᠋ᠧᠮ ᠤᠨ ᠥᠨᠳᠥᠷ ᠪᠦᠲᠦᠮᠵᠢᠲᠡᠢ ᠵᠤᠯᠭᠠᠯᠴᠠᠭᠠᠨ ᠤ ᠲᠠᠪᠴᠠᠩ ᠢ ᠪᠠᠶᠢᠭᠤᠯᠤᠭᠠᠳ᠂ ᠵᠡᠮᠳᠡᠭᠴᠦᠳ ᠲᠤ ᠬᠠᠨᠳᠤᠯᠭᠠᠲᠤ ᠴᠢᠨᠠᠷᠲᠠᠢ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠬᠤ   ᠪᠠᠷ ᠪᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠤᠰ ᠬᠤᠰᠢᠭᠤ ᠨᠢ ︽ᠵᠡᠮᠳᠡᠭᠴᠦᠳ ᠤᠨ ᠬᠤᠯᠪᠣᠭ᠎ᠠ ᠠᠴᠠ ᠲᠠᠨᠢᠯᠴᠠᠭᠤᠯᠬᠤ᠂ ᠲᠠᠷᠢᠶᠠᠯᠠᠩ ᠤᠨ ᠪᠠᠩᠬᠢ ᠠᠴᠠ ᠵᠢᠭᠡᠯᠡᠯᠭᠡ ᠲᠠᠯᠪᠢᠬᠤ᠂  ᠵᠡᠮᠳᠡᠭ ᠬᠦᠮᠦᠰ ᠲᠤ ᠠᠰᠢᠭ ᠬᠦᠷᠲᠡᠭᠡᠬᠦ︾ ᠦᠢᠯᠡᠴᠢᠯᠡᠭᠡᠨ ᠤ ᠬᠡᠯᠪᠡᠷᠢ ᠪᠠᠷ ᠲᠠᠮᠵᠢᠭᠠᠳ᠂ ᠵᠡᠮᠳᠡᠭᠴᠦᠳ ᠪᠠ ᠲᠡᠳᠡᠨ ᠤ ᠭᠡᠷ ᠪᠦᠯᠢ ᠬᠢᠨ ᠵᠢᠴᠢ ᠵᠡᠮᠳᠡᠭᠴᠦᠳ ᠢ ᠬᠠᠪᠰᠤᠷᠬᠤ ᠪᠠᠶᠠᠵᠢᠯ ᠤᠨ ᠳᠠᠭᠠᠭᠤᠯᠤᠭᠴᠢ  ᠨᠠᠷ ᠲᠤ ᠬᠠᠨᠳᠤᠭᠰᠠᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠬᠦᠯᠦᠨ᠂  ᠵᠡᠮᠳᠡᠭᠴᠦᠳ ᠤᠨ ᠠᠵᠢᠯ ᠤᠯᠵᠤ ᠦᠢᠯᠡᠰ ᠪᠦᠳᠦᠬᠡᠬᠦ ᠬᠦᠴᠢᠷ ᠵᠣᠪᠠᠨᠢᠯ ᠢ ᠰᠢᠢᠳᠪᠦᠷᠢᠯᠡᠵᠦ᠂ ᠠᠰᠢᠭ ᠤᠷᠤᠯᠭ᠎ᠠ ᠶᠢ ᠨᠢ ᠨᠡᠮᠡᠭᠳᠡᠬᠦᠯᠦᠨ᠂ ᠬᠦᠰᠡᠯ ᠵᠡᠭᠦᠳᠦ ᠶᠢ ᠨᠢ ᠲᠡᠷᠭᠡᠯᠰᠢᠬᠦᠯᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号