ᠤᠷᠴᠢᠮᠬᠠᠨ᠂ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ ᠪᠣᠯᠪᠠᠰᠤᠨ ᠬᠤᠲᠠ᠂ | ᠳᠣᠯᠣᠳᠤᠭᠠᠷ ᠬᠤᠭᠤᠴᠠᠭᠠᠨ ᠤ ᠪᠣᠯᠪᠠᠰᠤᠨ ᠲᠣᠰᠬᠤᠨ ᠪᠠᠯᠭᠠᠰᠤ᠂ ᠠᠷᠪᠠᠳᠤᠭᠠᠷ ᠬᠤᠭᠤᠴᠠᠭᠠᠨ ᠤ ᠪᠣᠯᠪᠠᠰᠤᠨ | ᠨᠢᠭᠡᠴᠡ᠂ ᠭᠤᠷᠪᠠᠳᠤᠭᠠᠷ ᠬᠤᠭᠤᠴᠠᠭᠠᠨ ᠤ ᠪᠣᠯᠪᠠᠰᠤᠨ ᠭᠡᠷ ᠪᠦᠯᠢ᠂ ᠬᠤᠶᠠᠳᠤᠭᠠᠷ ᠬᠤᠭᠤᠴᠠᠭᠠᠨ ᠤ ᠪᠣᠯᠪᠠᠰᠤᠨ | ᠰᠤᠷᠭᠠᠭᠤᠯᠢ ᠶᠢᠨ ᠬᠦᠷᠢᠶ᠎ᠡ ᠪᠠ ᠠᠩᠬᠠᠳᠤᠭᠠᠷ ᠬᠤᠭᠤᠴᠠᠭᠠᠨ ᠤ ᠪᠣᠯᠪᠠᠰᠤᠨ ᠨᠡᠶᠢᠭᠡᠮ ᠲᠣᠭᠤᠷᠢᠭ ᠤᠨ ᠨᠡᠷᠡᠰ ᠢ | ᠨᠡᠶᠢᠳᠡᠯᠡᠬᠦ ᠳᠤ ᠲᠠᠶᠢᠹᠤᠰᠧ ᠬᠤᠰᠢᠭᠤᠨ ᠤ ᠡᠲᠡᠭᠡᠷ ᠲᠣᠰᠬᠤᠨ ᠪᠠᠯᠭᠠᠰᠤ᠂ ᠪᠠᠶᠢᠭᠤᠯᠭ᠎ᠠ ᠨᠢᠭᠡᠴᠡ ᠪᠤᠶᠤ ᠭᠡᠷ | ᠪᠦᠯᠢ ᠶᠢᠨ ᠬᠢᠨ ᠵᠢᠭᠰᠠᠭᠠᠯᠲᠠ ᠳᠤ ᠤᠷᠤᠭᠰᠠᠨ ᠪᠠᠶᠢᠨ᠎ᠠ᠃ ᠲᠤᠬᠠᠶᠢᠯᠠᠪᠠᠯ᠄ ᠳᠣᠯᠣᠳᠤᠭᠠᠷ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠠᠯᠭᠠᠰᠤ ᠳᠤ ᠲᠠᠶᠢᠹᠤᠰᠧ ᠬᠤᠰᠢᠭᠤᠨ ᠤ ᠶᠦᠩ ᠹᠧᠩ | ᠪᠠᠯᠭᠠᠰᠤᠨ ᠤ ᠱᠠᠩ ᠫᠢ ᠹᠠᠩ ᠲᠣᠰᠬᠤᠨ ᠂ ᠠᠷᠪᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ | ᠪᠣᠯᠪᠠᠰᠤᠨ ᠨᠢᠭᠡᠴᠡ ᠳᠤ ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠲᠠᠶᠢᠹᠤᠰᠧ | ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠭᠤᠷᠪᠠᠳᠤᠭᠠᠷ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠭᠡᠷ ᠪᠦᠯᠢ ᠳᠤ ᠲᠠᠶᠢᠹᠤᠰᠧ ᠬᠤᠰᠢᠭᠤᠨ ᠤ ᠪᠤᠤᠴᠠᠩ ᠪᠠᠯᠭᠠᠰᠤᠨ ᠤ | ᠵᠢᠶᠠᠨ ᠰᠢᠩ ᠨᠡᠶᠢᠭᠡᠮ ᠲᠣᠭᠤᠷᠢᠭ ᠤᠨ ᠯᠢ ᠶᠠ ᠵᠢᠤᠸᠠᠨ ᠤ ᠭᠡᠷ ᠪᠦᠯᠢ ᠲᠤᠰᠪᠤᠷᠢ ᠵᠢᠬᠰᠠᠭᠠᠭᠳᠠᠵᠠᠢ᠃ |