ᠤᠭ ᠰᠠᠨᠠᠭ᠎ᠠ ᠪᠠᠨ ᠪᠠᠲᠤ ᠰᠠᠬᠢᠵᠤ ᠤᠬᠢ ᠰᠢᠯᠢᠳᠡᠭ ᠦᠢᠯᠡᠳᠬᠦᠨ ᠢ ᠪᠦᠳᠦᠬᠡᠨ᠎ᠡ
ᠨᠡᠶᠢᠲᠡᠯᠡᠭᠰᠡᠨ ᠴᠠᠭ᠄
2023/3/10
 ᠰᠠᠶ᠋ᠢᠬᠠᠨ ᠥᠩᠭᠡᠷᠡᠭᠰᠡᠨ 2022 ᠣᠨ ᠨᠢ ᠰᠢᠯᠢ ᠶᠢᠨ ᠭᠤᠣᠯ ᠠᠶᠢᠮᠠᠭ ᠤᠨ ᠬᠤᠩ ᠵᠢᠩ ᠶᠤᠸᠠᠨ ᠢᠳᠡᠰᠢᠨ ᠲᠣᠰᠣᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠠᠪᠴᠤ ᠬᠡᠯᠡᠪᠡᠯ ᠥᠷᠢᠰᠦᠯᠳᠦᠭᠡᠨ ᠢᠶᠠᠷ ᠳᠦᠭᠦᠷᠦᠭᠰᠡᠨ ᠨᠢᠭᠡ ᠵᠢᠯ ᠪᠣᠯᠬᠤ ᠮᠥᠷᠲᠡᠭᠡᠨ ᠪᠠᠰᠠ ᠡᠯᠪᠡᠭ ᠬᠤᠷᠢᠶᠠᠯᠲᠠ ᠣᠯᠣᠭᠰᠠᠨ ᠨᠢᠭᠡ ᠵᠢᠯ ᠪᠣᠯᠣᠨ᠎ᠠ᠃  ︽ᠠᠷᠠᠳ ᠤᠨ ᠰᠦᠯᠵᠢᠶ᠎ᠡ︾ ᠶᠢᠨ ᠭᠤᠣᠯᠯᠠᠨ ᠡᠷᠭᠢᠯᠡᠭᠰᠡᠨ ᠰᠢᠯᠭᠠᠷᠠᠭᠤᠯᠤᠯᠲᠠ ᠳᠤ᠂ ︽ᠬᠤᠩ ᠵᠢᠩ ᠶᠤᠸᠠᠨ︾ ᠶᠠᠮᠠ ᠶᠢᠨ ᠦᠷ᠎ᠡ   ᠨᠢ ᠰᠢᠯᠢᠳᠡᠭ ᠪᠦᠲᠦᠭᠡᠭᠳᠡᠬᠦᠨ ᠢᠶᠠᠷ  ᠴᠤᠯᠭᠤᠷᠠᠵᠤ ᠱᠠᠩᠨᠠᠯ ᠬᠦᠬᠢᠬᠦᠯᠦᠯ ᠲᠤᠰᠤᠭᠰᠠᠨ ᠪᠠᠶᠢᠨ᠎ᠠ  ᠃ ᠬᠤᠩ ᠵᠢᠩ ᠶᠤᠸᠠᠨ ᠺᠣᠮᠫᠠᠨᠢ ᠶᠢᠨ ᠬᠢᠨ ︽ᠦᠨᠡᠨᠴᠢ ᠢᠳᠡᠭᠡᠮᠵᠢ ᠪᠠᠷ ᠦᠨᠳᠦᠰᠦ ᠪᠣᠯᠭᠠᠬᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠰᠢᠨᠵᠢᠯᠡᠭᠡ  ᠮᠡᠷᠭᠡᠵᠢᠯ ᠤᠨ ᠰᠢᠨ᠎ᠡ ᠶᠢ ᠡᠭᠦᠳᠬᠦ᠂  ᠬᠠᠮᠳᠤ ᠶᠢᠨ ᠠᠰᠢᠭ ᠢ ᠦᠨᠢᠳᠡ ᠪᠠᠳᠤᠯᠠᠬᠤ︾ ᠡᠵᠡᠩᠨᠡᠯᠲᠡ ᠶᠢᠨ ᠣᠶᠢᠯᠠᠭᠠᠭᠳᠠᠬᠤᠨ ᠪᠠ ︽ᠬᠥᠳᠡᠭᠡ ᠲᠣᠰᠬᠤᠨ ᠠᠴᠠ ᠢᠷᠡᠵᠦ᠂ ᠬᠥᠳᠡᠭᠡ ᠠᠵᠤ ᠠᠬᠤᠢ ᠳᠤ ᠦᠨᠳᠦᠰᠦᠯᠡᠵᠦ᠂ ᠬᠦᠳᠡᠭᠡ ᠶᠢᠨ ᠬᠦᠮᠦᠨ ᠢ ᠪᠠᠶᠠᠵᠢᠭᠤᠯᠬᠤ︾ ᠬᠥᠭᠵᠢᠯᠲᠡ ᠶᠢᠨ ᠵᠣᠷᠢᠯᠲᠠ ᠶᠢ ᠢᠮᠠᠭᠲᠠ ᠪᠠᠷᠢᠮᠲᠠᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠶᠢᠨ ᠦᠨᠡᠯᠡᠯᠲᠡ ᠶᠢ  ᠤᠯᠤᠭᠰᠠᠨ ᠪᠠᠶᠢᠳᠠᠭ  ᠃     ᠬᠤᠩ ᠵᠢᠩ ᠶᠤᠸᠠᠨ ᠺᠣᠮᠫᠠᠨᠢ ᠶᠢᠨ ᠦᠵᠡᠭᠦᠯᠦᠯᠭᠡ ᠶᠢᠨ ᠲᠢᠩᠬᠢᠮ ᠳᠤ ᠣᠷᠣᠬᠤ ᠳᠤ᠂ ᠬᠡᠷᠡᠮ ᠲᠦᠬᠦᠷᠡᠩ ᠢᠷᠠᠭᠤ ᠠᠯᠳᠠᠷ ᠤᠨ ᠦᠨᠡᠮᠯᠡᠯ ᠪᠠ  ᠲᠠᠯᠪᠢᠭᠤᠷ ᠲᠦᠬᠦᠷᠡᠩ ᠨᠢᠳᠦ ᠭᠢᠯᠠᠰᠤᠮ᠎ᠠ ᠪᠦᠲᠦᠭᠡᠭᠳᠡᠬᠦᠨ ᠨᠦᠭᠦᠳ ᠬᠠᠷᠠᠭ᠎ᠠ  ᠮᠢᠯᠢᠶᠠᠨ᠎ᠠ᠃ ᠬᠤᠩ ᠵᠢᠩ ᠶᠤᠸᠠᠨ  ᠺᠣᠮᠫᠠᠨᠢ ᠶᠢᠨ   ᠬᠢᠨ ᠴᠠᠭ ᠢᠮᠠᠭᠲᠠ ᠤᠭ ᠰᠠᠨᠠᠭ᠎ᠠ ᠪᠠᠨ ᠪᠠᠲᠤ ᠰᠠᠬᠢᠵᠤ᠂ ᠲᠡᠷᠢᠭᠦᠨ ᠤ ᠦᠢᠯᠡᠳᠪᠦᠷᠢᠯᠡᠯ ᠤᠨ ᠤᠷ᠎ᠠ ᠮᠡᠷᠭᠡᠰᠢᠯ᠂ ᠴᠢᠨᠠᠷ ᠰᠠᠶᠢᠲᠠᠢ ᠦᠢᠯᠡᠳᠬᠦᠨ ᠤ ᠶᠠᠰᠤ ᠴᠢᠨᠠᠷ ᠪᠣᠯᠣᠨ ᠰᠢᠯᠢᠳᠡᠭ ᠰᠠᠶᠢᠨ ᠦᠢᠯᠡᠴᠢᠯᠡᠭᠡᠨ ᠤ ᠴᠢᠳᠠᠪᠤᠷᠢ ᠳᠠᠭᠠᠨ ᠲᠦᠰᠢᠭᠯᠡᠨ᠂ ᠤᠷᠢᠳ ᠬᠤᠵᠢᠳ 2022 ᠤᠨ ᠤ ᠠᠷᠪᠠᠨ ᠬᠤᠶᠠᠳᠤᠭᠠᠷ ᠬᠤᠭᠤᠴᠠᠭᠠᠨ ᠤ IEOE ᠳᠤᠮᠳᠠᠳᠤ ᠤᠯᠤᠰ ᠤᠨ ᠲᠤᠰᠤᠨ ᠤ ᠦᠵᠡᠰᠬᠦᠯᠡᠩ ᠤᠨ ᠠᠯᠳᠠᠨ ᠱᠠᠩᠨᠠᠯ᠂ ᠪᠦᠬᠦ ᠤᠯᠤᠰ ᠤᠨ ᠠᠷᠪᠠᠨ ᠨᠢᠭᠡᠳᠦᠭᠡᠷ ᠪᠦᠯᠦᠭ ᠰᠠᠨᠠᠭ᠎ᠠ ᠠᠮᠤᠷ ᠠᠮᠤ ᠲᠤᠰᠤᠨ ᠤ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠶᠠᠮᠠ ᠶᠢᠨ ᠦᠷ᠎ᠡ ᠶᠢᠨ ᠲᠣᠰᠣ ᠪᠣᠯᠪᠠᠰᠤᠷᠠᠭᠤᠯᠬᠤ ᠠᠵᠤ ᠠᠬᠤᠶᠢᠯᠠᠯ ᠤᠨ ︽10 ᠬᠦᠴᠦᠷᠬᠡᠭ︾ ᠵᠡᠷᠭᠡ ᠤᠯᠠᠨ ᠲᠦᠷᠦᠯ ᠤᠨ  ᠠᠯᠳᠠᠷ  ᠴᠣᠯᠠ ᠶᠢ ᠬᠦᠷᠲᠡᠵᠡᠢ᠃  2014 ᠣᠨ ᠳᠤ᠂ ︽ᠬᠤᠩ ᠵᠢᠩ ᠶᠤᠸᠠᠨ︾ ᠲᠠᠸᠠᠷ ᠤᠨ ᠲᠡᠮᠳᠡᠭ ᠢ ᠨᠢᠭᠡᠨᠲᠡ ᠳᠤᠮᠳᠠᠳᠤ ᠤᠯᠤᠰ ᠤᠨ ᠨᠠᠷᠠᠲᠤ ᠲᠠᠸᠠᠷ ᠤᠨ ᠲᠡᠮᠳᠡᠭ ᠢᠶᠠᠷ  ᠬᠢᠨᠠᠨ ᠲᠤᠭᠳᠠᠭᠠᠭᠰᠠᠨ ᠪᠠᠶᠢᠪᠠ᠃     ᠠᠵᠤ ᠠᠬᠤᠶᠢᠯᠠᠯ ᠤᠨ ᠬᠠᠷᠢᠭᠤᠴᠠᠯᠭᠠᠲᠠᠨ ᠤ  ᠲᠠᠨᠢᠯᠴᠠᠭᠤᠯᠬᠤ ᠪᠠᠷ᠂ ᠬᠤᠩ ᠵᠢᠩ ᠶᠤᠸᠠᠨ ᠶᠠᠮᠠ ᠶᠢᠨ ᠦᠷ᠎ᠡ ᠶᠢᠨ ᠲᠣᠰᠣ ᠨᠢ ᠶᠠᠮᠠ ᠶᠢᠨ ᠦᠷ᠎ᠡ ᠶᠢᠨ ᠰᠢᠵᠢᠷ ᠠᠯᠲᠠᠨ ᠭᠠᠷᠤᠯᠲᠠ ᠶᠢᠨ ᠣᠷᠣᠨ ︱ ᠰᠢᠯᠢ ᠶᠢᠨ ᠭᠤᠣᠯ ᠣᠷᠣᠨ ᠤ ᠴᠢᠨᠠᠷ ᠰᠠᠶᠢᠲᠠᠢ ᠶᠠᠮᠠ   ᠶᠢᠨ ᠦᠷ᠎ᠡ ᠪᠠᠷ ᠲᠦᠭᠦᠬᠡᠢ ᠮᠠᠲ᠋ᠧᠷᠢᠶᠠᠯ ᠪᠣᠯᠭᠠᠵᠤ᠂  ᠴᠤᠯ ᠹᠢᠽᠢᠺ ᠤᠨ ᠠᠷᠭ᠎ᠠ ᠪᠠᠷ ᠨᠠᠷᠢᠯᠢᠭ ᠬᠢᠵᠦ ᠪᠦᠲᠦᠭᠡᠭᠰᠡᠨ ᠶᠤᠮ ᠪᠠᠶᠢᠨ᠎ᠠ᠃  ᠡᠨᠡ   ᠨᠢ ᠶᠠᠮᠠ ᠶᠢᠨ ᠦᠷ᠎ᠡ ᠶᠢᠨ ᠪᠠᠶᠢᠭᠠᠯᠢᠯᠢᠭ ᠪᠦᠷᠢᠯᠳᠦᠭᠦᠨ ᠢ ᠭᠦᠢᠴᠡᠳ ᠬᠠᠳᠠᠭᠠᠯᠠᠭᠰᠠᠨ ᠢᠶᠠᠷ ᠬᠥᠮᠥᠨ ᠤ ᠪᠡᠶ᠎ᠡ ᠳᠤ ᠠᠪᠴᠤ ᠬᠡᠯᠡᠪᠡᠯ ᠶᠠᠮᠠ ᠶᠢᠨ ᠬᠦᠴᠢᠯ ᠨᠥᠬᠦᠪᠦᠷᠢᠯᠡᠬᠦ ᠬᠠᠮᠤᠭ ᠤᠨ ᠰᠠᠶᠢᠨ ᠰᠣᠩᠭᠤᠯᠲᠠ ᠪᠣᠯᠣᠨ᠎ᠠ᠃    ᠬᠤᠩ ᠵᠢᠩ ᠶᠤᠸᠠᠨ ᠤ  ᠦᠢᠯᠡᠳᠪᠦᠷᠢᠯᠡᠯ ᠤᠨ ᠲᠠᠰᠤᠭ ᠲᠤ᠂  ᠦᠢᠯᠡᠳᠪᠦᠷᠢᠯᠡᠯ ᠤᠨ ᠭᠤᠭᠴᠤᠭ᠎ᠠ ᠨᠢᠬᠡᠪᠦᠷᠢ  ᠨᠢ  ᠣᠶᠤᠨᠴᠢ ᠲᠡᠰ ᠳᠠᠷᠠᠭᠠᠯᠠᠯ ᠢᠶᠠᠷ ᠨᠠᠷᠢᠯᠢᠭ ᠠᠵᠢᠯᠯᠠᠵᠤ᠂ ᠤᠯᠠᠮᠵᠢᠯᠠᠯ ᠤᠳᠤᠬᠢᠴᠢᠯᠠᠯ ᠢ ᠤᠶᠠᠯᠳᠤᠭᠤᠯᠤᠭᠰᠠᠨ ᠠᠷᠭ᠎ᠠ ᠪᠠᠷ ᠴᠢᠨᠠᠷ ᠰᠠᠶᠢᠲᠠᠢ ᠠᠮᠤ ᠳᠤᠰᠤᠨ ᠤ ᠪᠦᠲᠦᠭᠡᠭᠳᠡᠬᠦᠨ ᠢ ᠦᠢᠯᠡᠳᠪᠦᠷᠢᠯᠡᠨ᠎ᠡ᠃ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠢᠷᠡᠭᠡᠳᠦᠢ ᠳᠤ ᠬᠤᠩ ᠵᠢᠩ ᠶᠤᠸᠠᠨ ᠺᠤᠮᠫᠠᠨᠢ ᠶᠢᠨ ᠬᠢᠨ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂  ᠦᠢᠯᠡᠳᠪᠦᠷᠢᠯᠡᠬᠦ᠂ ᠰᠤᠳᠤᠯᠤᠨ ᠨᠡᠭᠡᠭᠡᠬᠦ᠂  ᠰᠢᠯᠭᠠᠨ ᠪᠠᠶᠢᠴᠠᠭᠠᠬᠤ᠂ ᠬᠠᠮᠢᠶᠠᠷᠬᠤ᠂ ᠰᠢᠨ᠎ᠡ ᠶᠢ ᠡᠭᠦᠳᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠷᠠᠭᠤᠯᠤᠨ᠂ ᠶᠠᠰᠤ ᠴᠢᠨᠠᠷ ᠢᠶᠠᠷ ᠠᠵᠤ ᠠᠬᠤᠶᠢᠯᠠᠯ ᠤᠨ ᠬᠥᠭᠵᠢᠯᠲᠡ ᠶᠢᠨ ᠭᠤᠣᠯᠳᠠᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠶᠠᠮᠠ   ᠶᠢᠨ ᠦᠷ᠎ᠡ ᠶᠢᠨ ᠲᠣᠰᠣᠨ ᠤ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠶᠠᠮᠠ  ᠶᠢᠨ ᠦᠷ᠎ᠡ ᠶᠢᠨ ᠲᠣᠰᠣ ᠶᠢ ᠦᠨᠡᠨ ᠬᠦ ᠡᠷᠡᠭᠦᠯ ᠮᠡᠨᠳᠦ ᠳᠤ ᠲᠤᠰᠠᠳᠠᠢ ᠢᠳᠡᠰᠢᠨ ᠲᠣᠰᠣᠨ ᠤ ᠬᠡᠷᠡᠭᠯᠡᠭᠡᠨ ᠤ ᠭᠤᠣᠯ ᠤᠷᠤᠰᠬᠠᠯ ᠪᠣᠯᠭᠠᠨ᠎ᠠ ᠬᠡᠯ᠎ᠡ᠃    ᠣᠶᠢᠷ᠎ᠠ ᠶᠢᠨ ᠵᠢᠯ ᠳᠤ᠂  ᠲᠠᠶᠢᠹᠤᠰᠧ ᠬᠤᠰᠢᠭᠤ ᠨᠢ ᠲᠠᠷᠢᠶᠠᠯᠠᠩ ᠤᠨ ᠣᠨᠴᠠ ᠭᠠᠷᠤᠯᠲᠠ ᠨᠠᠷᠠᠲᠤ ᠪᠦᠳᠦᠭᠡᠭᠳᠡᠬᠦᠨ ᠤ ᠪᠦᠳᠦᠬᠡᠨ ᠪᠠᠶᠢᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠣᠷᠣᠨ ᠨᠤᠳᠤᠭ  ᠤᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭ ᠢ ᠡᠬᠦᠳᠦᠭᠰᠡᠨ ᠢᠶᠠᠷ 2022 ᠣᠨ ᠳᠤ ᠳᠤᠮᠳᠠᠳᠤ ᠤᠯᠤᠰ ᠤᠨ ᠠᠮᠤ ᠲᠣᠰᠣᠨ ᠤ ᠨᠡᠶᠢᠭᠡᠮᠯᠢᠭ ᠠᠴᠠ ᠲᠤᠰ ᠬᠤᠰᠢᠭᠤ ᠶᠢ ︽ᠶᠠᠮᠠ ᠶᠢᠨ ᠦᠷ᠎ᠡ ᠶᠢᠨ ᠲᠣᠰᠣᠨ ᠤ ᠨᠤᠲᠤᠭ︾ ᠬᠡᠮᠡᠬᠦ ᠠᠯᠳᠠᠷ ᠴᠤᠯᠠ   ᠶᠢ ᠤᠯᠭᠤᠭᠰᠠᠨ ᠶᠤᠮ  ᠃ ᠲᠠᠷᠠᠭᠠᠴᠢ ᠶᠢᠨ ᠠᠯᠬᠤᠮ ᠳᠤ᠂  ᠲᠤᠰ ᠬᠤᠰᠢᠭᠤ  ᠨᠢ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠪᠦᠲᠦᠭᠡᠭᠳᠡᠬᠦᠨ ᠤ ᠨᠡᠮᠡᠯᠲᠡ ᠥᠷᠲᠡᠭ ᠪᠠ ᠢᠷᠠᠭᠤ ᠠᠯᠳᠠᠷ ᠤᠨ ᠬᠡᠮᠵᠢᠶ᠎ᠡ ᠶᠢ ᠦᠷᠬᠦᠯᠵᠢᠯᠡᠨ ᠲᠡᠭᠡᠭᠰᠢᠯᠡᠬᠦᠯᠬᠦ ᠪᠠᠷ ᠪᠠᠶᠢᠭ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号