ᠬᠦᠨᠪᠤᠯᠠᠭ ᠰᠤᠮᠤᠨ ᠤ ᠬᠢᠨ ᠤᠳᠬ᠎ᠠ ᠠᠭᠤᠯᠭ᠎ᠠ ᠲᠠᠢ ᠬᠦᠳᠡᠯᠪᠦᠷᠢ ᠠᠵᠢᠯᠯᠠᠭ᠎ᠠ ᠪᠠᠷ ︽ᠡᠮᠡᠭᠳᠡᠶᠢᠴᠤᠳ  ᠤᠨ ᠪᠠᠶᠠᠷ︾  ᠢᠶᠠᠨ ᠲᠡᠮᠳᠡᠭᠯᠡᠪᠡ
ᠨᠡᠶᠢᠲᠡᠯᠡᠭᠰᠡᠨ ᠴᠠᠭ᠄
2023/3/10
     ︽3.8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠰᠣᠶᠣᠯ ᠤᠨ ᠠᠮᠢᠳᠤᠷᠠᠯ ᠢ ᠪᠠᠶᠠᠯᠢᠬᠵᠢᠭᠤᠯᠵᠤ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠴᠤᠭ ᠵᠢᠪᠬᠤᠭ᠎ᠠ ᠶᠢ ᠬᠠᠷᠠᠭᠤᠯᠬᠤ ᠶᠢᠨ ᠬᠠᠮᠲᠤ ᠪᠥᠬᠦ ᠨᠡᠶᠢᠭᠡᠮ ᠢᠶᠠᠷ ᠢᠶᠠᠨ ᠡᠮᠡᠭᠲᠡᠶᠢᠴᠦᠳ ᠢ ᠬᠦᠨᠳᠦᠳᠬᠡᠬᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠠᠭᠤᠷ ᠠᠮᠢᠰᠬᠤᠯ ᠢ ᠢᠳᠡᠪᠬᠢᠲᠡᠢ ᠪᠣᠶ ᠪᠣᠯᠭᠠᠬᠤ ᠶᠢᠨ  ᠲᠤᠰᠠᠳᠠ᠂ ᠬᠦᠨᠪᠤᠯᠠᠭ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠨᠦᠭᠦᠳ ᠨᠢ ᠣᠯᠠᠨ ᠵᠦᠢᠯ ᠤᠨ ᠤᠳᠬ᠎ᠠ ᠠᠭᠤᠯᠭ᠎ᠠ ᠲᠠᠢ ᠬᠦᠳᠡᠯᠪᠦᠷᠢ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠡᠨ ᠤᠯᠠᠨ ᠡᠮᠡᠭᠳᠡᠶᠢᠴᠤᠳ   ᠤᠨ ᠳᠤᠮᠳᠠ ᠭᠦᠨᠵᠡᠭᠡᠶᠢᠷᠡᠭᠦᠯᠬᠦ ᠶᠢᠨ ᠲᠥᠯᠥᠭᠡ᠂ ᠰᠤᠮᠤᠨ ᠤ ᠤᠬᠠᠭᠤᠯᠬᠤ ᠭᠡᠰᠢᠭᠦᠨ᠂ ᠡᠮᠡᠭᠲᠡᠶᠢᠴᠦᠳ ᠤᠨ ᠬᠤᠯᠪᠣᠭᠠᠨ ᠤ ᠲᠡᠷᠢᠭᠦᠯᠡᠭᠴᠢ  ᠰᠤᠯᠤᠩᠭᠤᠸ᠎ᠠ ᠱᠢᠪᠠᠷᠳᠤ ᠭᠠᠴᠠᠭᠠᠨ ᠳᠤ ᠭᠦᠨᠵᠡᠭᠡᠶᠢᠷᠡᠵᠦ᠂ ᠭᠠᠴᠠᠭᠠᠨ ᠤ ᠡᠮᠡᠭᠲᠡᠶᠢᠴᠦᠳ ᠲᠤ ︽ᠰᠡᠳᠬᠢᠯ ᠵᠢᠷᠦᠬᠡ ᠪᠠᠨ ᠨᠠᠮ  ᠲᠠᠢ ᠪᠠᠨ ᠬᠤᠯᠪᠣᠨ ᠰᠢᠨ᠎ᠡ ᠠᠶᠠᠨ ᠳᠤ ᠡᠷᠡᠯᠭᠡᠭᠯᠡᠨ ᠤᠷᠤᠭᠰᠢᠯᠠᠶ᠎ᠠ︾  ᠬᠡᠮᠡᠬᠦ  ᠲᠤᠰᠬᠠᠢ ᠰᠡᠳᠦᠪ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ  ᠰᠠᠨᠠᠭᠠᠨ ᠤ ᠲᠤᠬᠠᠢ ᠤᠬᠠᠭᠤᠯᠭ᠎ᠠ ᠲᠠᠶᠢᠯᠤᠮᠵᠢ ᠬᠢᠵᠦ᠂ ᠬᠤᠷᠢᠳᠤᠭᠠᠷ ᠶᠡᠭᠡ ᠬᠤᠷᠠᠯ ᠤᠨ ᠢᠯᠡᠳᠬᠡᠯ ᠲᠠᠢ ᠨᠢᠭᠲᠠ ᠤᠶᠠᠯᠳᠤᠭᠤᠯᠤᠨ᠂ ᠶᠡᠭᠡ ᠬᠤᠷᠠᠯ ᠤᠨ ᠵᠥᠪᠯᠡᠬᠦ ᠵᠦᠢᠯ᠂  ᠭᠤᠣᠯ ᠰᠡᠳᠦᠪ᠂ ᠭᠤᠣᠯ ᠠᠭᠤᠯᠭ᠎ᠠ ᠵᠡᠷᠭᠡ ᠶᠢᠨ ᠲᠣᠭᠤᠷᠢᠨ ᠳᠤ ᠭᠦᠨᠵᠡᠭᠡᠢ  ᠲᠠᠶᠢᠯᠪᠤᠷᠢᠯᠠᠭᠰᠠᠨ ᠪᠥᠭᠡᠳ ᠥᠷᠭᠡᠨ ᠤᠯᠠᠨ ᠡᠮᠡᠭᠲᠡᠶᠢᠴᠦᠳ ᠢ ᠰᠢᠨ᠎ᠡ ᠠᠶᠠᠨ ᠵᠠᠮ ᠳᠠᠭᠠᠨ  ︽ᠲᠦᠷᠦ ᠶᠢᠨ ᠬᠠᠭᠠᠰ ᠲᠤᠯᠭᠠᠭᠤᠷᠢ︾ ᠶᠢᠨ ᠦᠢᠯᠡᠳᠦᠯ  ᠢᠶᠠᠨ ᠭᠦᠢᠴᠡᠳ ᠪᠠᠳᠠᠷᠠᠭᠤᠯᠵᠤ᠂  ᠰᠡᠳᠬᠢᠯ ᠨᠢᠬᠡᠳᠡᠢ ᠪᠦᠯᠬᠦᠮᠳᠡᠨ ᠲᠡᠮᠡᠴᠡᠵᠦ᠂ ᠰᠠᠶᠢᠨ ᠰᠠᠶᠢᠬᠠᠨ ᠢᠷᠡᠭᠡᠳᠦᠢ  ᠪᠠᠨ ᠬᠠᠮᠲᠤ ᠪᠠᠷ ᠴᠣᠭᠴᠠᠯᠠᠰᠤᠭᠠᠢ ᠭᠡᠵᠦ ᠤᠷᠢᠶᠠᠯᠠᠪᠠ᠃ 3 ᠰᠠᠷ᠎ᠠ ᠶᠢᠨ 5 ᠤ ᠡᠳᠦᠷ ᠂ ᠰᠤᠮᠤᠨ ᠤ ᠡᠮᠡᠭᠲᠡᠶᠢᠴᠦᠳ ᠤᠨ ᠬᠤᠯᠪᠣᠭ᠎ᠠ ᠪᠣᠯᠣᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠬᠠᠮᠲᠤᠷᠠᠨ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠡᠯ᠎ᠡ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠨ ᠤ ᠲᠡᠷᠢᠭᠦᠯᠡᠭᠴᠢ ᠪᠣᠯᠣᠨ ᠰᠤᠮᠤᠨ ᠤ ᠺᠠᠳ᠋ᠷ ᠠᠵᠢᠯᠲᠠᠳ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾᠂ ︽ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠲᠦᠷᠢᠮ ᠲᠣᠭᠲᠠᠭᠠᠯ ᠢ ᠬᠠᠮᠳᠤᠪᠠᠷ ᠰᠤᠷᠤᠯᠴᠠᠨ᠂ ᠥᠷᠭᠡᠨ ᠤᠯᠠᠨ ᠡᠮᠡᠭᠲᠡᠶᠢᠴᠦᠳ ᠤᠨ ᠤᠬᠠᠮᠰᠠᠷ ᠠᠴᠠ ᠪᠠᠨ ᠬᠠᠤᠯᠢ ᠶᠢ ᠰᠤᠷᠴᠤ ᠬᠠᠤᠯᠢ ᠶᠢ  ᠰᠠᠬᠢᠵᠤ᠂ ︽ᠬᠠᠤᠯᠢ ᠲᠦᠷᠢᠮ ᠳᠤ ᠨᠡᠪᠳᠡᠷᠡᠭᠰᠡᠨ ᠮᠡᠷᠭᠡᠨ ᠬᠥᠮᠥᠨ︾ ᠪᠤᠯᠵᠤ᠂  ᠬᠠᠤᠯᠢ ᠶᠢᠨ ᠵᠡᠪᠰᠡᠭ ᠢᠶᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠡᠷᠡᠰ ᠬᠠᠮᠠᠭᠠᠯᠠᠬᠤ  ᠭᠡᠷᠡᠭᠳᠡᠢ ᠬᠡᠵᠦ ᠵᠤᠷᠢᠬᠵᠢᠭᠤᠯᠤᠭᠰᠠᠨ ᠪᠠᠶᠢᠨ᠎ᠠ᠃  ᠡᠯ᠎ᠡ ᠭᠠᠴᠠᠭᠠᠨ ᠤ ᠡᠮᠡᠭᠲᠡᠶᠢᠴᠦᠳ ᠤᠨ ᠬᠤᠯᠪᠤᠭ᠎ᠠ ᠨᠢ ᠪᠠᠰᠠ ︽3.8︾   ᠤ ᠡᠮᠡᠭᠳᠡᠶᠢᠴᠤᠳ ᠤᠨ ᠪᠠᠶᠠᠷ ᠢᠶᠠᠨ ᠲᠤᠷᠠᠰᠬᠠᠨ ᠪᠡᠯᠭᠡᠯᠡᠬᠦ ᠠᠵᠢᠯᠯᠠᠭ᠎ᠠ ᠲᠠᠢ ᠤᠶᠠᠯᠳᠤᠭᠤᠯᠵᠤ᠂ ᠡᠮᠡᠭᠲᠡᠶᠢᠴᠦᠳ ᠤᠨ ᠡᠷᠬᠡ ᠠᠰᠢᠭ   ᠢ ᠬᠠᠮᠠᠭᠠᠯᠠᠬᠤ ᠬᠠᠮᠢᠶ᠎ᠠ ᠪᠦᠬᠦᠢ ᠬᠠᠤᠯᠢ ᠴᠠᠭᠠᠵᠠ ᠲᠦᠷᠢᠮ ᠲᠣᠭᠲᠠᠭᠠᠯ ᠤᠨ ᠤᠬᠠᠭᠤᠯᠭ᠎ᠠ   ᠶᠢᠨ ᠬᠠᠭᠤᠳᠠᠰᠤ   ᠶᠢ ᠲᠠᠷᠬᠠᠭᠠᠭᠰᠠᠨ ᠪᠦᠭᠡᠳ ᠡᠮᠡᠭᠲᠡᠶᠢᠴᠦᠳ ᠢᠶᠠᠨ ᠵᠣᠬᠢᠶᠠᠨ ᠪᠠᠶᠢᠭᠤᠯᠵᠤ ︽ᠰᠡᠳᠬᠢᠯ ᠵᠢᠷᠦᠬᠡ ᠪᠠᠨ ᠨᠠᠮ  ᠲᠠᠢ ᠪᠠᠨ ᠬᠤᠯᠪᠤᠵᠤ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ︾ ᠭᠤᠤᠯ ᠰᠡᠳᠦᠪ ᠢᠶᠠᠷ ᠡᠮᠡᠭᠲᠡᠶᠢᠴᠦᠳ ᠤᠨ ᠪᠠᠶᠠᠷ ᠢᠶᠠᠨ ᠪᠡᠯᠭᠡᠯᠡᠨ ᠳᠤᠷᠠᠰᠬᠠᠬᠤ ᠬᠦᠳᠡᠯᠪᠦᠷᠢ ᠠᠵᠢᠯᠯᠠᠭ᠎ᠠ ᠦᠷᠨᠢᠬᠦᠯᠦᠭᠡᠳ᠂  ᠦᠷᠭᠡᠨ ᠤᠯᠠᠨ ᠡᠮᠡᠭᠲᠡᠶᠢᠴᠦᠳ ᠡᠶ᠎ᠡ ᠵᠣᠬᠢᠴᠠᠯ ᠲᠠᠢ᠂ ᠪᠠᠶᠠᠷ ᠬᠥᠷ ᠲᠠᠢ᠂ ᠬᠠᠯᠠᠭᠤᠨ ᠳᠤᠯᠠᠭᠠᠨ  ᠮᠠᠷᠲᠠᠭᠳᠠᠰᠢ ᠦᠭᠡᠢ ᠪᠠᠶᠠᠷ ᠤᠨ ᠡᠳᠦᠷ ᠢᠶᠠᠨ ᠦᠩᠭᠡᠷᠡᠭᠡᠵᠡᠢ  ᠃  ᠭᠡᠬᠦ ᠳᠡᠭᠡᠨ᠂ ᠬᠡᠯᠪᠡᠷᠢ ᠮᠠᠶ᠋ᠢᠭ ᠤᠨ ᠰᠢᠨ᠎ᠡ ᠶᠢ ᠡᠭᠦᠳᠴᠦ᠂ ᠶᠠᠷᠢᠯᠴᠠᠬᠤ ᠬᠤᠷᠠᠯ ᠬᠢᠬᠦ᠂ ᠲᠡᠷᠢᠭᠦᠨ ᠤ ᠬᠢ ᠶᠢ ᠰᠢᠯᠭᠠᠷᠠᠭᠤᠯᠤᠨ ᠬᠥᠬᠢᠭᠦᠯᠬᠦ᠂  ᠰᠤᠨᠢᠷᠬᠠᠯᠳᠤ ᠨᠠᠭᠠᠳᠤᠮ ᠲᠤᠭᠯᠠᠬᠤ ᠵᠡᠷᠭᠡ ᠤᠯᠠᠨ ᠵᠦᠢᠯ ᠤᠨ ᠬᠦᠳᠡᠯᠪᠦᠷᠢ ᠠᠵᠢᠯᠯᠠᠭ᠎ᠠ ᠪᠠᠷ ᠪᠠᠶᠠᠷ ᠤᠨ ᠡᠳᠦᠷ ᠢᠶᠠᠨ ᠲᠡᠮᠳᠡᠭᠯᠡᠵᠦ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ︽ ᠪᠡᠶ᠎ᠡ ᠪᠠᠨ ᠲᠠᠭᠠᠭᠠᠬᠤ᠂  ᠪᠡᠶ᠎ᠡ ᠪᠠᠨ ᠢᠳᠡᠭᠡᠬᠦ᠂ ᠡᠷᠬᠡ ᠴᠢᠯᠦᠭᠡ ᠲᠠᠢ  ᠪᠠᠶᠢᠬᠤ᠂ ᠡᠷᠡᠯᠬᠡᠭᠯᠡᠨ ᠤᠷᠤᠭᠰᠢᠯᠠᠬᠤ︾  ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号