ᠬᠤᠩ ᠴᠢ ᠪᠠᠯᠭᠠᠰᠤ ᠠᠮᠤᠷ ᠠᠮᠤᠭᠤᠯᠠᠩ ᠤᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/10
    3 ᠰᠠᠷ᠎ᠠ ᠶᠢᠨ 8 ᠤ ᠡᠳᠦᠷ᠂  ᠬᠤᠩ ᠴᠢ ᠪᠠᠯᠭᠠᠰᠤ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ  ᠬᠢᠵᠦ᠂ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ   ᠶᠢᠨ ᠭᠡᠰᠢᠭᠦᠨ ᠾᠧ ᠭᠤᠸᠠᠨ ᠬᠤᠸᠠ ᠬᠤᠷᠠᠯ ᠢ ᠡᠷᠬᠢᠯᠡᠨ᠂  ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠱᠦᠵᠢ ᠨᠠᠷ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂   ᠪᠥᠬᠦ ᠪᠠᠯᠭᠠᠰᠤᠨ ᠤ ᠠᠮᠤᠷ  ᠠᠮᠤᠭᠤᠯᠠᠩ ᠤᠨ ᠪᠠᠶᠢᠭᠤᠯᠤᠯᠲᠠ ᠶᠢᠨ ᠡᠯ᠎ᠡ  ᠲᠦᠷᠦᠯ ᠤᠨ ᠠᠵᠢᠯ ᠡᠭᠦᠷᠭᠡ ᠶᠢ ᠳᠠᠬᠢᠨ ᠪᠠᠶᠢᠷᠢᠯᠠᠭᠤᠯᠵᠤ᠂  ᠪᠦᠬᠦ ᠪᠠᠯᠭᠠᠰᠤ ᠪᠠᠷ ᠢᠶᠠᠨ ᠴᠤᠭ ᠰᠦᠯᠳᠡ ᠪᠠᠨ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠨ᠂ ᠪᠦᠬᠦ ᠤᠯᠤᠰ ᠤᠨ ︽ᠬᠤᠶᠠᠷ ᠬᠤᠷᠠᠯ︾  ᠤᠨ ᠬᠤᠭᠤᠴᠠᠭᠠᠨ ᠳᠠᠬᠢ ᠨᠡᠶᠢᠭᠡᠮ ᠤᠨ ᠠᠮᠤᠷ ᠲᠣᠭᠲᠠᠭᠤᠨ ᠪᠠᠶᠢᠳᠠᠯ ᠢ ᠦᠨᠡᠨᠬᠦ ᠪᠠᠲᠤᠯᠠᠬᠤ ᠬᠡᠷᠡᠭᠲᠡᠢ᠃ ᠤᠳᠤᠷᠢᠳᠬᠤ ᠺᠠᠳ᠋ᠷᠴᠤᠳ ᠦᠵᠡᠯ ᠰᠠᠨᠠᠭ᠎ᠠ ᠲᠠᠨᠢᠯᠲᠠ ᠪᠠᠨ ᠲᠡᠭᠡᠭᠰᠢᠯᠡᠬᠦᠯᠵᠦ᠂  ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠢᠴᠢ ᠵᠥᠷᠢᠴᠡᠯ ᠵᠢᠭᠤᠷᠠᠭᠠᠨ ᠢ  ᠪᠠᠶᠢᠴᠠᠭᠠᠨ ᠠᠷᠢᠯᠭᠠᠬᠤ ᠠᠵᠢᠯ ᠢ ᠥᠷᠨᠢᠭᠦᠯᠬᠦ ᠬᠡᠷᠡᠭᠲᠡᠢ᠃  ᠵᠥᠷᠢᠴᠡᠯ ᠵᠢᠭᠤᠷᠠᠭᠠᠨ ᠢ  ᠪᠠᠶᠢᠴᠠᠭᠠᠨ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠥᠷᠢᠴᠡᠯ ᠵᠢᠭᠤᠷᠠᠭᠠᠨ ᠡᠭᠦᠰᠬᠦ ᠣᠨᠴᠠᠯᠢᠭ ᠵᠢᠴᠢ ᠣᠳᠣᠬᠠᠨ ᠤ ᠠᠵᠢᠯ ᠤᠨ ᠪᠠᠶᠢᠳᠠᠯ ᠢ  ᠨᠠᠷᠢᠨ ᠬᠢᠨᠠᠮᠠᠭᠠᠢ ᠵᠠᠳᠠᠯᠤᠨ᠂ ᠲᠣᠭᠲᠠᠮᠠᠯ ᠬᠤᠭᠤᠴᠠᠭ᠎ᠠ ᠲᠠᠢ  ᠪᠠᠶᠢᠴᠠᠭᠠᠯᠳᠠ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ  ᠭᠡᠭᠡᠭᠳᠡᠬᠦᠯᠬᠦ ᠦᠭᠡᠢ︾  ᠪᠠᠶᠢᠬᠤ ᠶᠢ ᠪᠠᠳᠤᠯᠠᠨ᠂ ᠪᠠᠶᠢᠳᠠᠯ ᠢ ᠲᠣᠳᠣᠷᠬᠠᠢ ᠪᠣᠯᠭᠠᠬᠤ ᠬᠡᠷᠡᠭᠲᠡᠢ ᠃ ᠬᠡᠷᠡᠭ ᠤᠷᠰᠢᠭ ᠲᠠᠲᠠᠬᠤ ᠪᠤᠯᠤᠮᠵᠢ ᠲᠠᠢ ᠮᠡᠳᠡᠷᠡᠯ ᠤᠨ ᠡᠪᠡᠳᠴᠢᠲᠡᠨ ᠵᠡᠷᠭᠡ ᠭᠤᠣᠯᠳᠠᠯᠭ᠎ᠠ ᠲᠠᠢ ᠬᠥᠮᠥᠰ ᠲᠤ  ᠲᠤᠰᠬᠠᠢ ᠳᠠᠩᠰᠠ ᠪᠠᠶᠢᠭᠤᠯᠵᠤ᠂ ᠭᠤᠣᠯᠳᠠᠯᠭ᠎ᠠ ᠲᠠᠢ ᠬᠥᠮᠥᠰ ᠤᠨ ᠦᠵᠡᠯ ᠰᠠᠨᠠᠭᠠᠨ ᠤ ᠬᠠᠨᠳᠤᠰᠢ ᠶᠢ ᠴᠠᠭ ᠲᠤᠬᠠᠢ  ᠳᠤᠨᠢ ᠤᠶᠢᠯᠠᠭᠠᠨ᠂ ᠬᠠᠮᠢᠶᠠᠷᠤᠯᠲᠠ ᠠᠯᠳᠠᠭᠳᠠᠬᠤ ᠦᠵᠡᠭᠳᠡᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠠᠪᠤ ᠳᠤ᠂ ᠠᠮᠤᠷ ᠲᠦᠪᠰᠢᠨ ᠤ ᠬᠡᠮ ᠰᠣᠭᠤᠭ ᠢ  ᠪᠠᠶᠢᠴᠠᠭᠠᠨ ᠴᠡᠭᠴᠡᠯᠡᠬᠦ ᠠᠵᠢᠯ ᠢ ᠪᠦᠬᠦ ᠲᠠᠯ᠎ᠠ ᠪᠠᠷ ᠴᠢᠩᠭ᠎ᠠ ᠠᠳᠬᠤᠵᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ᠂ ᠭᠠᠯ ᠰᠡᠷᠭᠡᠶᠢᠯᠡᠯᠳᠡ  ᠂ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ ᠶᠢᠨ ᠪᠠᠶᠢᠩᠭᠤ ᠶᠢᠨ ᠪᠠᠶᠢᠴᠠᠭᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂  ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠬᠦ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号