ᠸᠠᠩ ᠸᠧᠢ ᠬᠤᠩ ᠲᠤᠰᠬᠠᠢ ᠬᠤᠷᠠᠯ ᠬᠤᠷᠠᠯᠳᠤᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠲᠣᠬᠢᠷᠠᠭᠤᠯᠤᠯᠲᠠ ᠭᠢᠭᠰᠡᠨ
ᠨᠡᠶᠢᠲᠡᠯᠡᠭᠰᠡᠨ ᠴᠠᠭ᠄
2023/3/13
    3 ᠰᠠᠷ᠎ᠠ ᠶᠢᠨ 10 ᠤ ᠡᠳᠦᠷ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠬᠥᠳᠡᠭᠡ ᠲᠣᠰᠬᠤᠨ   ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ   ᠶᠢᠨ ᠵᠥᠪᠯᠡᠯ ᠪᠣᠯᠣᠨ ᠶᠦᠩ ᠹᠧᠩ ᠪᠠᠯᠭᠠᠰᠤᠨ ᠤ ᠬᠠᠷᠢᠭᠤ ᠮᠡᠳᠡᠭᠦᠯᠦᠯᠲᠡ   ᠶᠢ ᠰᠣᠨᠣᠰᠴᠠᠢ᠃ ᠸᠠᠩ ᠸᠧᠢ ᠬᠤᠩ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠵᠢᠯ ᠤᠨ ᠰᠠᠭᠤᠷᠢ ᠪᠠᠨ ᠪᠠᠲᠤᠳᠬᠠᠨ᠂  ᠴᠡᠭᠴᠡᠯᠡᠨ ᠰᠠᠶᠢᠵᠢᠷᠠᠭᠤᠯᠬᠤ ᠠᠵᠢᠯ ᠢ ᠦᠳᠲᠡᠷ ᠲᠦᠷᠭᠡᠨ ᠥᠷᠨᠢᠭᠦᠯᠵᠦ᠂  ᠠᠵᠢᠯ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠤᠨ ᠵᠤᠷᠪᠤᠰ ᠵᠤᠷᠪᠤᠰ ᠢᠶᠠᠷ ᠰᠠᠶᠢᠳᠤᠷ ᠠᠳᠬᠤᠨ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ  ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠮᠲᠤᠷᠠᠯ ᠤᠨ ᠬᠦᠴᠦᠨ ᠢ ᠪᠤᠢ ᠪᠤᠯᠭᠠᠨ᠂ ᠭᠤᠣᠯᠳᠠᠯᠭ᠎ᠠ ᠶᠢ ᠲᠤᠪᠤᠶᠢᠯᠭᠠᠵᠤ᠂ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠵᠠᠳᠠᠯᠵᠤ᠂ ᠰᠠᠶᠢᠨ  ᠠᠷᠭ᠎ᠠ ᠲᠤᠷᠰᠢᠯᠭ᠎ᠠ ᠶᠢ ᠲᠤᠯᠢᠳᠠᠵᠤ ᠰᠤᠷᠤᠯᠴᠠᠨ᠂ ᠲᠦᠷᠦ ᠶᠢᠨ ᠪᠣᠳᠣᠯᠭ᠎ᠠ ᠶᠢ ᠤᠨᠢᠨ ᠳᠡᠭᠡᠷ᠎ᠡ  ᠨᠢ ᠬᠡᠷᠡᠭᠵᠢᠭᠦᠯᠵᠦ᠂ ᠴᠡᠭᠴᠡᠯᠡᠯᠳᠡ ᠪᠠᠷ ᠲᠡᠭᠡᠭᠰᠢᠯᠡᠯᠳᠡ ᠶᠢ ᠠᠬᠢᠭᠤᠯᠬᠤ ᠬᠡᠷᠡᠭᠲᠡᠢ᠃ ᠠᠵᠢᠯ ᠤᠨ ᠬᠢᠨᠠᠯᠳᠠ ᠵᠢᠯᠣᠭᠤᠳᠤᠯᠭ᠎ᠠ ᠶᠢ ᠴᠢᠩᠭᠠᠳᠬᠠᠨ᠂ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ  ᠤᠨ ᠰᠢᠨ᠎ᠡ ᠦᠷ᠎ᠡ ᠠᠮᠵᠢᠯᠳᠠ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠮ ᠬᠠᠷᠢᠯᠴᠠᠭᠠᠨ ᠤ ᠲᠣᠪᠴᠢᠶ᠎ᠠ᠂ ᠶᠦᠩ ᠹᠧᠩ ᠪᠠᠯᠭᠠᠰᠤᠨ ᠤ ᠬᠠᠷᠢᠭᠤᠴᠠᠯᠭᠠᠲᠠᠨ  ᠬᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号