ᠲᠢᠶᠠᠨᠵᠢᠨ ᠤ ᠲᠠᠢ ᠳ᠋ᠠ ᠠᠵᠤ ᠦᠢᠯᠡᠰ ᠤᠨ ᠪᠦᠯᠦᠭᠯᠡᠯ ᠤᠨ ᠬᠢᠨ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2023/3/13
    3 ᠰᠠᠷ᠎ᠠ ᠶᠢᠨ 10  ᠤ ᠡᠳᠦᠷ᠂ ᠲᠢᠶᠠᠨᠵᠢᠨ ᠤ ᠲᠠᠢ ᠳ᠋ᠠ ᠠᠵᠤ ᠦᠢᠯᠡᠰ ᠤᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ ᠸᠠᠩ ᠭᠠᠩ ᠵᠡᠷᠭᠡ ᠬᠦᠮᠦᠰ ᠲᠠᠶᠢᠹᠤᠰᠧ ᠬᠤᠰᠢᠭᠤᠨ ᠳᠤ ᠬᠦᠨᠵᠡᠭᠡᠶᠢᠷᠡᠵᠦ ᠪᠠᠶᠢᠴᠠᠭᠠᠨ ᠰᠤᠳᠤᠯᠤᠯᠳᠠ ᠬᠢᠵᠡᠢ᠃  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ ᠪᠥᠭᠡᠳ ᠶᠠᠷᠢᠯᠴᠠᠬᠤ ᠬᠤᠷᠠᠯ ᠬᠢᠵᠦ ᠬᠠᠮᠳᠤᠷᠠᠯᠴᠠᠭᠠᠨ ᠤ ᠠᠵᠢᠯ ᠤᠨ ᠲᠤᠬᠠᠢ ᠰᠠᠨᠠᠯ ᠢᠶᠠᠨ ᠰᠣᠯᠢᠯᠴᠠᠪᠠ᠃  ᠪᠠᠶᠢᠴᠠᠭᠠᠨ ᠰᠤᠳᠤᠯᠬᠤ ᠳᠤᠭᠤᠶᠢᠯᠠᠩ ᠤᠨ  ᠬᠢᠨ ᠤᠷᠢᠳ ᠬᠤᠵᠢᠳ ᠬᠠᠭᠠᠨ ᠤ ᠠᠳᠤᠭᠤᠨ ᠵᠤᠰᠠᠭᠠᠯ ᠦᠵᠡᠮᠵᠢ ᠶᠢᠨ ᠣᠷᠣᠨ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠦᠵᠡᠭᠦᠯᠦᠯᠭᠡ ᠶᠢᠨ ᠲᠢᠩᠬᠢᠮ᠂  ᠲᠠᠯ᠎ᠠ ᠨᠤᠲᠤᠭ ᠠᠷᠢᠬᠢ ᠨᠡᠷᠡᠬᠦ ᠺᠣᠮᠫᠠᠨᠢ ᠵᠡᠷᠭᠡ ᠳᠤ ᠬᠦᠷᠴᠦ᠂ ᠠᠮᠢ ᠠᠬᠤᠢ᠂ ᠰᠤᠶᠤᠯ ᠵᠢᠭᠤᠯᠴᠢᠯᠠᠯ᠂ ᠠᠵᠤ ᠦᠢᠯᠡᠳᠪᠦᠷᠢ ᠶᠢᠨ ᠬᠥᠭᠵᠢᠯᠲᠡ  ᠵᠡᠷᠭᠡ ᠬᠠᠮᠢᠶ᠎ᠠ ᠪᠦᠬᠦᠢ ᠪᠠᠶᠢᠳᠠᠯ ᠢ ᠤᠶᠢᠯᠠᠭᠠᠭᠰᠠᠨ  ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠶᠢᠹᠤᠰᠧ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠤᠨ ᠲᠠᠯ᠎ᠠ ᠪᠠᠷ ᠬᠢ  ᠠᠮᠵᠢᠯᠲᠠ ᠪᠦᠳᠦᠮᠵᠢ ᠶᠢ ᠭᠦᠢᠴᠡᠳ ᠨᠤᠳᠠᠯᠠᠭᠰᠠᠨ ᠪᠦᠭᠡᠳ ᠡᠨᠡ ᠤᠳᠠᠭᠠᠨ ᠤ ᠪᠠᠶᠢᠴᠠᠭᠠᠨ ᠰᠤᠳᠤᠯᠤᠯᠳᠠ ᠪᠠᠷ ᠠᠵᠠ ᠲᠣᠬᠢᠶᠠᠯ ᠪᠤᠯᠭᠠᠨ᠂  ᠲᠠᠶᠢᠹᠤᠰᠧ ᠬᠤᠰᠢᠭᠤᠨ ᠤ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠠᠯ᠎ᠠ ᠪᠠᠷ ᠪᠣᠳᠠᠲᠠᠢ ᠦᠷ᠎ᠡ ᠠᠮᠵᠢᠯᠳᠠ ᠣᠯᠬᠤ ᠳᠤ ᠬᠦᠴᠦᠨ ᠨᠡᠮᠡᠷᠢᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠪᠠᠷ ᠭᠠᠷᠳᠠᠴᠠ ᠪᠤᠯᠭᠠᠨ᠂  ᠲᠠᠶᠢᠹᠤᠰᠧ ᠬᠤᠰᠢᠭᠤᠨ ᠤ ᠭᠠᠵᠠᠷ ᠰᠢᠷᠣᠢ ᠶᠢᠨ ᠶᠡᠷᠦᠩᠭᠡᠶᠢᠯᠡᠭᠰᠡᠨ ᠵᠠᠰᠠᠯᠳᠠ ᠶᠢ ᠶᠢ ᠢᠳᠡᠪᠬᠢᠲᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠠᠩ ᠰᠠᠶᠢᠨ ᠦᠢᠯᠡᠴᠢᠯᠡᠨ᠂ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ ᠭᠡᠵᠦ ᠢᠯᠡᠷᠬᠡᠶᠢᠯᠡᠵᠡᠢ᠃ ᠶᠠᠷᠢᠯᠴᠠᠬᠤ ᠬᠤᠷᠠᠯ ᠳᠡᠭᠡᠷ᠎ᠡ᠂ ᠸᠠᠩ ᠭᠠᠩ ᠠᠴᠠ ᠲᠠᠢ ᠳ᠋ᠠ ᠪᠦᠯᠦᠭᠯᠡᠯ ᠤᠨ ᠦᠨᠳᠦᠰᠦᠨ ᠪᠠᠶᠢᠳᠠᠯ ᠪᠣᠯᠣᠨ ᠬᠥᠭᠵᠢᠯᠲᠡ ᠶᠢᠨ ᠰᠡᠳᠬᠢᠴᠡ  ᠪᠠᠨ  ᠲᠠᠨᠢᠯᠴᠠᠭᠤᠯᠵᠤ᠂ ᠳᠠᠷᠠᠭᠠᠴᠢ ᠶᠢᠨ ᠠᠯᠬᠤᠮ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠬᠤᠰᠢᠭᠤᠨ ᠤ ᠤᠳᠤᠷᠢᠳᠤᠯᠭ᠎ᠠ ᠨᠠᠷ ᠲᠠᠢ ᠰᠠᠨᠠᠯ ᠢᠶᠠᠨ ᠰᠣᠯᠢᠯᠴᠠᠪᠠ᠃  ᠬᠤᠰᠢᠭᠤᠨ ᠤ ᠤᠳᠤᠷᠢᠳᠤᠯᠭ᠎ᠠ ᠮᠠ ᠷᠦᠢ ᠮᠠᠨ᠂ ᠶᠢᠨ ᠶᠦᠩ ᠾᠧ᠂ ᠵᠣᠣ ᠬᠠᠢ ᠯᠢ᠂ ᠭᠦᠸᠧ ᠢᠦᠢ ᠺᠦᠨ᠂ ᠮᠠ ᠵᠥᠩ ᠰᠢᠦ᠋ᠨ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号