ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠥᠳᠡᠭᠡ ᠲᠣᠰᠬᠤᠨ ᠤ ᠭᠠᠵᠠᠷ ᠰᠢᠷᠣᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠲᠦᠷᠢᠮᠵᠢᠬᠦᠯᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/3/13
   ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠭᠠᠵᠠᠷ ᠰᠢᠷᠣᠢ ᠶᠢᠨ ᠬᠠᠮᠢᠶᠠᠷᠤᠯᠲᠠ ᠶᠢ ᠦᠨᠡᠨᠬᠦ  ᠴᠢᠩᠭᠠᠳᠬᠠᠨ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠷᠭᠢᠯᠲᠡ ᠶᠢᠨ ᠵᠠᠬ᠎ᠠ ᠳᠡᠯᠭᠡᠭᠦᠷ ᠢ ᠴᠢᠨᠠᠭᠰᠢᠳᠠ ᠲᠦᠷᠢᠮᠵᠢᠬᠦᠯᠬᠦ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠤᠯᠢ︾᠂ ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠬᠦᠯᠬᠦ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠬᠠᠤᠯᠢ ᠲᠦᠷᠢᠮ ᠢ ᠦᠨᠳᠦᠰᠦᠯᠡᠨ᠂ ᠡᠳᠦᠭᠡ  ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ  ᠵᠠᠷᠯᠠᠨ ᠮᠡᠳᠡᠭᠳᠡᠰᠦᠬᠡᠢ᠄    1. ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠢᠩᠭ᠎ᠠ ᠴᠠᠭᠠᠵᠠᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠥᠨᠳᠥᠷ ᠤᠨᠠᠯᠳᠠᠳᠤ ᠲᠡᠵᠢᠭᠡᠯ ᠪᠣᠷᠳᠣᠭᠠᠨ ᠤ ᠭᠠᠵᠠᠷ ᠳᠡᠭᠡᠷ᠎ᠡ ᠨᠡᠷᠡᠨ ᠬᠤᠸᠠᠷ ᠲᠠᠷᠢᠬᠤ᠂  ᠴᠢᠬᠢ ᠮᠣᠳᠣ ᠪᠣᠶᠢᠵᠢᠭᠤᠯᠬᠤ ᠶᠢ ᠴᠢᠩᠭ᠎ᠠ ᠴᠠᠭᠠᠵᠠᠯᠠᠵᠤ᠂ ᠨᠢᠭᠡᠨᠲᠡ ᠴᠢᠬᠢ ᠮᠣᠳᠣ ᠳᠠᠷᠢᠭᠰᠠᠨ ᠪᠤᠯ ᠡᠷᠬᠡᠪᠰᠢ 2 ᠵᠢᠯ ᠤᠨ ᠳᠣᠲᠣᠷ᠎ᠠ ᠲᠠᠷᠢᠬᠤ ᠪᠠᠨ ᠵᠤᠭᠰᠤᠨ᠎ᠠ᠃ ᠡᠯ᠎ᠡ ᠭᠠᠴᠠᠭ᠎ᠠ ᠲᠤᠰᠬᠤᠨ ᠤ ᠬᠢᠨ ᠰᠤᠮᠤ ᠰᠢᠶᠠᠩ  ᠪᠠᠯᠭᠠᠰᠤᠨ ᠤ ᠵᠢᠯᠣᠭᠤᠳᠤᠯᠭ᠎ᠠ ᠳᠣᠣᠷ᠎ᠠ᠂ ᠭᠠᠵᠠᠷ ᠰᠢᠷᠣᠢ ᠳᠠᠭᠠᠭᠠᠴᠢᠯᠠᠭᠰᠠᠨ ᠡᠷᠦᠬᠡ ᠪᠣᠯᠣᠨ ᠡᠯ᠎ᠡ ᠲᠦᠷᠦᠯ ᠤᠨ ᠤᠷᠤᠨ ᠲᠤᠭᠤᠷᠢᠭ ᠤᠨ ᠭᠠᠵᠠᠷ ᠰᠢᠷᠣᠢ ᠡᠵᠡᠩᠨᠡᠬᠦ ᠡᠷᠦᠬᠡ ᠯᠦᠭᠡ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠴᠢᠩᠭ᠎ᠠ ᠴᠠᠭᠠᠵᠠᠯᠠᠬᠤ ᠠᠮᠠᠯᠠᠯᠲᠠ ᠶᠢᠨ ᠭᠡᠷ᠎ᠡ ᠲᠣᠭᠲᠠᠵᠤ᠂ ᠲᠣᠭᠲᠠᠭᠰᠠᠨ ᠲᠠᠷᠢᠶᠠᠨ ᠭᠠᠵᠠᠷ ᠲᠤ ᠳᠠᠭᠢᠵᠤ ᠠᠮᠤ ᠪᠤᠳᠠᠭᠠᠨ ᠤ ᠪᠤᠰᠤ ᠲᠠᠷᠢᠮᠠᠯ ᠳᠠᠷᠢᠬᠤ ᠦᠭᠡᠢ ᠪᠠᠶᠢᠬᠤ ᠶᠢ ᠦᠨᠡᠨᠬᠦ  ᠪᠠᠳᠤᠯᠠᠬᠤ ᠭᠡᠷᠡᠭᠳᠡᠢ᠃ ᠲᠦᠷᠢᠮ ᠲᠣᠭᠲᠠᠭᠠᠯ ᠢ ᠬᠡᠷᠡᠭᠵᠢᠭᠦᠯᠬᠦ ᠦᠭᠡᠢ ᠬᠠᠤᠯᠢ ᠪᠤᠰᠤ ᠪᠠᠷ ᠲᠠᠷᠢᠭᠰᠠᠨ ᠠᠮᠤ ᠪᠤᠳᠠᠭᠠᠨ ᠤ ᠪᠤᠰᠤ ᠲᠠᠷᠢᠮᠠᠯ ᠢ ᠴᠡᠪᠡᠷᠯᠡᠵᠦ ᠬᠠᠶᠠᠨ᠎ᠠ  ᠂ ᠡᠭᠦᠨ ᠠᠴᠠ ᠪᠣᠯᠤᠭᠰᠠᠨ ᠬᠤᠬᠢᠷᠠᠯ ᠢ ᠲᠤᠬᠠᠢ ᠶᠢᠨ ᠬᠥᠮᠥᠨ ᠨᠢ ᠥᠪᠡᠷ ᠢᠶᠠᠨ ᠡᠭᠦᠷᠭᠡᠯᠡᠨ᠎ᠡ᠃    2 . ᠭᠠᠵᠠᠷ ᠰᠢᠷᠣᠢ ᠶᠢᠨ ᠡᠷᠭᠢᠯᠲᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠲᠣᠰ ᠡᠳᠦᠷ ᠠᠴᠠ ᠡᠬᠢᠯᠡᠨ᠂ ᠭᠠᠵᠠᠷ ᠰᠢᠷᠣᠢ  ᠶᠢᠨ ᠰᠢᠯᠵᠢᠬᠦᠯᠦᠯᠳᠡ ᠶᠢᠨ ᠭᠡᠷ᠎ᠡ ᠲᠤᠭᠳᠠᠬᠤ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠤᠯᠢ︾ ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠬᠦᠯᠬᠦ ᠬᠠᠮᠢᠶᠠᠷᠤᠯᠲᠠ ᠶᠢᠨ ᠠᠷᠭ᠎ᠠ︾ ᠶᠣᠰᠣᠭᠠᠷ  ᠶᠠᠪᠤᠭᠳᠠᠭᠤᠯᠤᠨ᠎ᠠ᠃  ᠬᠠᠮᠢᠶ᠎ᠠ ᠪᠦᠬᠦᠢ ᠶᠤᠰᠤ ᠲᠦᠷᠢᠮ ᠢᠶᠠᠷ ᠶᠠᠪᠤᠭᠰᠠᠨ ᠦᠭᠡᠢ ᠪᠤᠯ ᠡᠯ᠎ᠡ ᠡᠳᠡᠭᠡᠳ  ᠤᠨ ᠠᠰᠢᠭ ᠲᠤᠰᠠ ᠨᠢ ᠬᠠᠤᠯᠢ ᠶᠢᠨ ᠬᠠᠮᠠᠭᠠᠯᠠᠯᠳᠠ ᠳᠤ ᠤᠷᠤᠬᠤ ᠦᠭᠡᠢ᠃ ᠡᠯ᠎ᠡ ᠰᠤᠮᠤ ᠰᠢᠶᠠᠩ ᠪᠠᠯᠭᠠᠰᠤ ᠪᠣᠯᠣᠨ ᠭᠠᠴᠠᠭ᠎ᠠ ᠲᠣᠰᠬᠤᠨ ᠨᠢ ᠬᠠᠷᠢᠭᠤᠴᠠᠯᠭ᠎ᠠ ᠪᠠᠨ ᠦᠨᠡᠨᠬᠦ  ᠰᠠᠶᠢᠨ ᠭᠦᠢᠴᠡᠳᠬᠡᠵᠦ᠂ ᠬᠠᠷᠢᠶ᠎ᠠ ᠣᠷᠣᠨ ᠤ ᠪᠠᠨ ᠭᠠᠵᠠᠷ ᠰᠢᠷᠣᠢ ᠶᠢᠨ ᠰᠢᠯᠵᠢᠬᠦᠯᠦᠯᠳᠡ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠬᠤ  ᠪᠠ ᠲᠠᠩᠰᠠᠯᠠᠬᠤ  ᠵᠡᠷᠭᠡ ᠠᠵᠢᠯ ᠢ ᠬᠢᠵᠦ᠂ ᠪᠠᠶᠢᠳᠠᠯ ᠲᠣᠳᠣᠷᠬᠠᠢ᠂ ᠲᠤᠭ᠎ᠠ  ᠪᠠᠷᠢᠮᠳᠠ ᠲᠣᠳᠣᠷᠬᠠᠢ ᠪᠠᠶᠢᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠪᠥᠬᠦ ᠬᠤᠰᠢᠭᠤᠨ ᠤ ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ  ᠰᠢᠯᠵᠢᠬᠦᠯᠦᠯᠳᠡ ᠶᠢᠨ ᠲᠠᠩᠰᠠ ᠶᠢ ᠪᠠᠶᠢᠭᠤᠯᠵᠤ᠂ ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠰᠢᠯᠵᠢᠬᠦᠯᠦᠯᠳᠡ ᠶᠢᠨ ᠪᠠᠶᠢᠳᠠᠯ ᠢ ᠴᠠᠭ ᠲᠤᠬᠠᠢ ᠳᠤᠨᠢ ᠣᠨᠣᠪᠴᠢᠲᠠᠶ ᠡᠵᠡᠮᠳᠡᠬᠦ  ᠶᠢᠨ ᠬᠠᠮᠳᠤ᠂ ᠬᠠᠮᠢᠶᠠᠷᠤᠯᠳᠠ ᠶᠢᠨ ᠲᠠᠪᠴᠠᠩ ᠳᠤ ᠤᠷᠤᠭᠤᠯᠵᠤ ᠲᠦᠷᠢᠮᠵᠢᠬᠦᠯᠦᠨ ᠬᠠᠮᠢᠶᠠᠷᠬᠤ ᠭᠡᠷᠡᠭᠳᠡᠢ᠃     3. ᠭᠠᠵᠠᠷ ᠰᠢᠷᠣᠢ ᠶᠢᠨ ᠰᠢᠯᠵᠢᠬᠦᠯᠦᠯᠳᠡ ᠶᠢᠨ ᠭᠡᠷ᠎ᠡ ᠶᠢ ᠨᠢᠭᠡᠳᠬᠡᠨ᠎ᠡ᠃ ᠲᠣᠰ ᠡᠳᠦᠷ ᠠᠴᠠ ᠡᠬᠢᠯᠡᠨ᠂  ᠭᠠᠵᠠᠷ ᠰᠢᠷᠣᠢ ᠶᠢᠨ ᠰᠢᠯᠵᠢᠬᠦᠯᠦᠯᠳᠡ ᠶᠢᠨ ᠭᠡᠷ᠎ᠡ  ᠲᠤᠭᠳᠠᠬᠤ ᠳᠤ  ᠪᠦᠷ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠣᠭᠲᠠᠭᠠᠭᠰᠠᠨ ᠨᠢᠭᠡᠳᠦᠯᠲᠡᠢ  ᠭᠡᠷ᠎ᠡ  ᠪᠢᠴᠢᠭ ᠢ ᠬᠡᠷᠡᠭᠯᠡᠨ᠎ᠡ᠃     4. ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃  ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠲᠤᠯᠤᠭᠠᠶᠢᠯᠠᠵᠤ᠂ ᠡᠯ᠎ᠡ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠠᠷ ᠭᠡᠰᠢᠬᠦᠨ ᠨᠢᠬᠡᠴᠡ ᠪᠣᠯᠭᠠᠭᠰᠠᠨ ᠠᠵᠢᠯᠯᠠᠬᠤ ᠳᠤᠭᠤᠶᠢᠯᠠᠩ ᠢ ᠪᠠᠶᠢᠭᠤᠯᠵᠤ᠂ ᠣᠳᠣᠬᠠᠨ ᠤ ᠬᠥᠳᠡᠭᠡ ᠲᠣᠰᠬᠤᠨ ᠤ ᠭᠠᠵᠠᠷ ᠰᠢᠷᠣᠢ ᠶᠢ ᠰᠢᠯᠵᠢᠬᠦᠯᠬᠦ ᠶᠠᠪᠤᠴᠠ ᠳᠤ ᠡᠬᠦᠰᠦᠭᠰᠡᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦᠨ᠎ᠡ᠃  ᠤᠰᠤᠨ ᠠᠰᠢᠭᠯᠠᠯᠲᠠ ᠶᠢᠨ ᠲᠣᠪᠴᠢᠶ᠎ᠠ ᠲᠤᠯᠤᠭᠠᠶᠢᠯᠠᠵᠤ᠂ ᠡᠯ᠎ᠡ ᠰᠤᠮᠤ ᠰᠢᠶᠠᠩ ᠪᠠᠯᠭᠠᠰᠤ ᠨᠢ ᠬᠠᠷᠢᠶ᠎ᠠ ᠣᠷᠣᠨ ᠤ ᠪᠠᠨ ᠬᠠᠤᠯᠢ ᠪᠤᠰᠤ ᠪᠠᠷ ᠬᠤᠳᠳᠤᠭ ᠮᠠᠯᠳᠠᠬᠤ᠂ ᠤᠰᠤᠨ ᠤ ᠬᠡᠮᠵᠢᠬᠦᠷ ᠢ  ᠡᠪᠳᠡᠬᠦ ᠵᠡᠷᠭᠡ ᠠᠰᠠᠭᠤᠳᠠᠯ  ᠳᠤ ᠪᠥᠬᠦ ᠲᠠᠯ᠎ᠠ ᠪᠠᠷ ᠪᠠᠶᠢᠴᠠᠭᠠᠯᠳᠠ ᠶᠠᠪᠤᠭᠤᠯᠤᠨ᠂ ᠵᠥᠪᠰᠢᠶᠡᠷᠡᠯ ᠦᠭᠡᠢ ᠪᠠᠷ ᠮᠠᠯᠲᠠᠭᠰᠠᠨ ᠮᠠᠰᠢᠨ ᠬᠤᠳᠳᠤᠭ ᠤᠨ ᠴᠠᠬᠢᠯᠭᠠᠨ ᠢ ᠠᠯᠪᠠᠳᠠᠯᠭ᠎ᠠ ᠪᠠᠷ ᠲᠠᠰᠤᠯᠵᠤ᠂ ᠮᠠᠯᠳᠠᠭᠰᠠᠨ ᠬᠤᠳᠤᠭ ᠢ ᠪᠤᠯᠠᠭᠤᠯᠤᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ  ᠤᠰᠤᠨ ᠤ ᠬᠡᠮᠵᠢᠬᠦᠷ ᠢ ᠵᠣᠷᠢᠭᠤᠳᠠ ᠡᠪᠳᠡᠭᠰᠡᠨ ᠬᠠᠤᠯᠢ ᠪᠤᠰᠤ ᠦᠶᠯᠡ ᠠᠵᠢᠯᠯᠠᠭ᠎ᠠ ᠶᠢ  ᠴᠢᠩᠭ᠎ᠠ  ᠵᠠᠯᠬᠠᠭᠠᠨ ᠴᠡᠭᠡᠷᠯᠡᠬᠦᠯᠦᠨ᠎ᠡ᠃    5. ᠤᠬᠠᠭᠤᠯᠭ᠎ᠠ ᠬᠦᠮᠦᠵᠢᠯ ᠢ ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠢ ᠭᠠᠴᠠᠭ᠎ᠠ ᠲᠣᠰᠬᠤᠨ ᠳᠤ ᠬᠦᠨᠵᠡᠬᠡᠶᠢᠷᠡᠨ᠂ ︽ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠬᠦᠯᠬᠦ ᠬᠠᠮᠢᠶᠠᠷᠤᠯᠲᠠ ᠶᠢᠨ ᠠᠷᠭ᠎ᠠ︾ ᠶᠢᠨ ᠲᠤᠬᠠᠢ ᠪᠤᠯᠪᠠᠰᠤᠷᠠᠯ ᠡᠷᠬᠢᠯᠡᠵᠦ᠂  ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠨᠢ ᠡᠳᠦᠷ ᠲᠤᠲᠤᠮ ᠤᠨ ᠠᠵᠢᠯ ᠲᠠᠢ ᠪᠠᠨ  ᠤᠶᠠᠯᠳᠤᠭᠤᠯᠤᠨ᠂  ᠬᠠᠮᠢᠶᠠᠷᠤᠯᠲᠠ ᠶᠢᠨ ᠠᠷᠭ᠎ᠠ ᠳᠤ ᠲᠠᠶᠢᠯᠤᠮᠵᠢ ᠬᠢᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠤᠷᠤᠨ ᠪᠠᠶᠢᠷᠢ ᠳᠤᠨᠢ ᠬᠦᠷᠭᠡᠬᠦ ᠭᠡᠷᠡᠭᠳᠡᠢ᠃    6. ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠨᠡᠶᠢᠭᠡᠮ ᠨᠡᠶᠢᠲᠡ ᠶᠢᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ ᠲᠦᠮᠡᠨ ᠤ ᠢᠯᠡᠴᠢᠯᠡᠨ ᠮᠡᠳᠡᠭᠦᠯᠬᠦ ᠶᠢ ᠵᠤᠷᠢᠬᠵᠢᠭᠤᠯᠵᠤ ᠂  ᠮᠡᠳᠡᠭᠦᠯᠦᠭᠰᠡᠨ ᠰᠦᠪᠡᠭᠴᠢ ᠨᠢ ᠦᠨᠡᠨ ᠦᠨᠡᠨ ᠪᠤᠳᠠᠳᠠᠢ ᠪᠤᠯ  ᠱᠠᠩᠨᠠᠨ ᠬᠥᠬᠢᠭᠦᠯᠦᠨ᠎ᠡ᠃     7. ᠬᠢᠨᠠᠯᠲᠠ ᠲᠠᠯᠪᠢᠬᠤ ᠨᠢᠬᠡᠴᠡ ᠪᠠ ᠢᠯᠡᠴᠢᠯᠡᠨ ᠮᠡᠳᠡᠭᠦᠯᠬᠦ ᠤᠲᠠᠰᠤ᠄     ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ 0479 ︱ 5227110     ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠄ 0479 ︱ 5226996     ᠬᠦᠨᠪᠤᠯᠠᠭ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 5887015     ᠪᠤᠤᠴᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 5222227     ᠴᠢᠶᠠᠨ ᠶᠢᠨ ᠭᠧᠦ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 2265514       ᠬᠤᠩ ᠴᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 5823064       ᠯᠦᠸᠧ ᠲᠦᠸᠧ ᠱᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 5855017       ᠶᠦᠩ ᠹᠧᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 2265017       ᠰᠢᠩ ᠹᠦ᠋ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 0479 ︱ 5899968       8. ᠲᠤᠰ ᠠᠯᠪᠠᠨ ᠵᠠᠷ ᠨᠢ ᠨᠡᠶᠢᠲᠡᠯᠡᠭᠰᠡᠨ ᠡᠳᠦᠷ ᠠᠴᠠ ᠡᠬᠢᠯᠡᠭᠡᠳ ᠬᠦᠴᠦᠨ ᠲᠠᠢ ᠪᠣᠯᠣᠨ᠎ᠠ᠃                                                                                        ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ                         2023 ᠣᠨ ᠤ 3 ᠰᠠᠷ᠎ᠠ ᠶᠢᠨ 11 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号