ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠩ ᠴᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠮᠵᠢᠯᠳᠠ ᠲᠠᠢ ᠬᠤᠷᠠᠯᠳᠤᠭᠰᠠᠨ
ᠨᠡᠶᠢᠲᠡᠯᠡᠭᠰᠡᠨ ᠴᠠᠭ᠄
2023/3/13
   3 ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠩ ᠴᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠮᠵᠢᠯᠳᠠ  ᠲᠠᠢ ᠬᠤᠷᠠᠯᠳᠤᠯ᠎ᠠ᠃  ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 80 ᠬᠥᠮᠥᠨ᠂ ᠪᠣᠳᠠᠲᠠᠢ ᠣᠷᠣᠯᠴᠠᠭᠰᠠᠨ ᠨᠢ 69 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠵᠡᠢ᠃  ᠬᠤᠷᠠᠯ ᠲᠡᠭᠡᠷ᠎ᠡ᠂ ᠨᠠᠮ ᠤᠨ ᠲᠦᠯᠦᠭᠡᠯᠡᠭᠴᠢᠳ ᠠᠴᠠ  ᠪᠠᠯᠭᠠᠰᠤᠨ ᠤ ︽ᠨᠠᠮ ᠤᠨ ᠬᠤᠷᠢᠶᠠᠨ ᠤ ᠠᠵᠢᠯ ᠤᠨ ᠢᠯᠡᠳᠬᠡᠯ︾᠂ ︽ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ︾ ᠢ  ᠰᠣᠨᠣᠰᠴᠤ ᠬᠢᠨᠠᠨ ᠵᠦᠪᠯᠡᠵᠦ ᠪᠠᠳᠤᠯᠠᠭᠰᠠᠨ ᠪᠦᠭᠡᠳ  ᠨᠠᠮ ᠤᠨ ᠬᠤᠷᠢᠶᠠᠨ ᠤ ᠭᠡᠰᠢᠭᠦᠨ 2 ᠬᠦᠮᠦᠨ᠂  ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ  ᠭᠡᠰᠢᠬᠦᠨ 2 ᠬᠦᠮᠦᠨ ᠢ ᠨᠥᠬᠦᠨ ᠰᠤᠩᠭᠤᠵᠤ᠂ ᠨᠠᠮ ᠤᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ᠶᠢ ᠬᠢᠨᠠᠨ  ᠵᠦᠪᠯᠡᠵᠦ ᠪᠠᠳᠤᠯᠠᠭᠠᠳ  ᠂ ᠡᠯ᠎ᠡ ᠲᠦᠷᠦᠯ ᠤᠨ ᠵᠢᠱᠢᠭᠰᠡᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠬᠦᠯᠦᠭᠰᠡᠨ ᠪᠠᠶᠢᠨ᠎ᠠ  ᠃ ᠡᠨᠡ ᠤᠳᠠᠭᠠᠨ ᠤ ᠶᠡᠭᠡ ᠬᠤᠷᠠᠯ ᠨᠢ ᠬᠤᠩ ᠴᠢ ᠪᠠᠯᠭᠠᠰᠤᠨ ᠤ 2022 ᠣᠨ ᠤ  ᠠᠵᠤ ᠠᠬᠤᠢ ᠨᠡᠶᠢᠭᠡᠮ ᠤᠨ  ᠦᠢᠯᠡᠰ ᠤᠨ  ᠠᠮᠵᠢᠯᠲᠠ ᠪᠦᠳᠦᠮᠵᠢ ᠶᠢ  ᠪᠦᠬᠦ ᠲᠠᠯᠠᠪᠠᠷ ᠳ᠋ᠦᠩᠨᠡᠵᠦ᠂ ᠣᠳᠣᠬᠠᠨ ᠤ ᠪᠠ ᠬᠤᠶᠢᠰᠢᠳᠠ ᠶᠢᠨ ᠭᠤᠣᠯᠳᠠᠯᠭ᠎ᠠ ᠲᠠᠢ ᠠᠵᠢᠯ  ᠳᠤ ᠨᠠᠷᠢᠨ ᠨᠢᠮᠪᠠᠢ  ᠪᠠᠶᠢᠷᠢᠯᠠᠭᠤᠯᠤᠯᠳᠠ ᠬᠢᠵᠡᠢ᠃ ᠶᠡᠭᠡ ᠬᠤᠷᠠᠯ   ᠠᠴᠠ᠂ ᠪᠥᠬᠦ ᠪᠠᠯᠭᠠᠰᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠥᠷᠭᠡᠨ ᠣᠯᠠᠨ ᠨᠠᠮ ᠤᠨ ᠭᠡᠰᠢᠭᠦᠨ ᠪᠣᠯᠣᠨ ᠺᠠᠳ᠋ᠷ ᠣᠯᠠᠨ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠡᠨᠡ ᠤᠳᠠᠭᠠᠨ ᠤ ᠶᠡᠭᠡ ᠬᠤᠷᠠᠯ   ᠠᠴᠠ ᠳᠤᠷᠠᠳᠤᠭᠰᠠᠨ ᠡᠯ᠎ᠡ  ᠲᠦᠷᠦᠯ ᠤᠨ ᠡᠬᠦᠷᠭᠡ ᠬᠠᠷᠠᠯᠲᠠ ᠡᠭᠦᠷᠭᠡ ᠶᠢ ᠨᠠᠷᠢᠨ ᠬᠢᠨᠠᠮᠠᠭᠠᠢ  ᠨᠠᠶᠢᠳᠠᠪᠤᠷᠢᠵᠢᠭᠤᠯᠤᠨ ᠂  ᠪᠣᠳᠠᠲᠠᠢ ᠶᠢ ᠡᠷᠬᠢᠮᠯᠡᠨ ᠬᠠᠲᠠᠭᠤᠵᠢᠯᠲᠠᠢ ᠠᠵᠢᠯᠯᠠᠵᠤ᠂ ᠬᠤᠩ ᠴᠢ ᠪᠠᠯᠭᠠᠰᠤᠨ ᠤ ᠡᠯ᠎ᠡ  ᠲᠦᠷᠦᠯ ᠤᠨ ᠠᠵᠢᠯ ᠦᠢᠯᠡᠰ ᠤᠨ  ᠰᠢᠨ᠎ᠡ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠤᠷᠢᠶᠠᠯᠠᠪᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号