ᠪᠤᠤᠴᠠᠩ  ᠪᠠᠯᠭᠠᠰᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/13
   ᠣᠷᠣᠨ᠂ ᠠᠶᠢᠮᠠᠭ᠂ ᠬᠤᠰᠢᠭᠤᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠳᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ᠂ ︽ ᠰᠡᠷᠭᠡᠶᠢᠯᠡᠬᠦ ᠪᠠᠷ ᠭᠤᠤᠯᠳᠠᠵᠤ ᠂ ᠢᠳᠡᠪᠬᠢᠲᠡᠢ ᠪᠠᠷ ᠤᠨᠳᠠᠷᠠᠭᠠᠬᠤ︾ ᠠᠵᠢᠯ ᠤᠨ ᠴᠢᠭᠯᠡᠯᠲᠡ ᠶᠢ ᠨᠠᠶᠢᠳᠠᠪᠤᠷᠢᠵᠢᠭᠤᠯᠬᠤ ᠶᠢᠨ ᠲᠦᠯᠦᠭᠡ᠂ 3 ᠰᠠᠷ᠎ᠠ ᠶᠢᠨ 10 ᠤ ᠡᠳᠦᠷ ᠪᠤᠤᠴᠠᠩ ᠪᠠᠯᠭᠠᠰᠤ 2023 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠽᠦᠸᠧ ᡁᠢ ᠭᠦᠸᠧ ᠡᠷᠭᠢᠯᠡᠵᠦ᠂  ᠪᠠᠯᠭᠠᠰᠤᠨ ᠤ ᠤᠳᠤᠷᠢᠳᠬᠤ ᠪᠠᠭ ᠤᠨ  ᠭᠡᠰᠢᠬᠦᠳ᠂ ᠡᠯ᠎ᠡ ᠲᠣᠰᠬᠤᠨ ᠤ ᠨᠠᠮ ᠤᠨ ᠡᠬᠦᠷ ᠤᠨ ᠱᠦᠵᠢ᠂ ᠡᠷᠬᠢᠯᠡᠭᠴᠢ ᠨᠠᠷ ᠬᠤᠷᠠᠯ ᠳᠤ ᠣᠷᠣᠯᠴᠠᠵᠠᠢ᠃  ᠽᠦᠸᠧ ᡁᠢ ᠭᠦᠸᠧ ᠴᠢᠬᠤᠯᠠᠴᠢᠯᠠᠬᠤ ᠳᠠᠭᠠᠨ᠂  ᠡᠯ᠎ᠡ ᠲᠣᠰᠬᠤᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠢ ᠰᠢᠭᠤᠢ ᠨᠤᠳᠤᠭ ᠪᠡᠯᠴᠢᠭᠡᠷ ᠤᠨ  ᠭᠠᠯ ᠰᠡᠷᠭᠡᠶᠢᠯᠡᠬᠦ ᠠᠵᠢᠯ ᠢ ᠪᠦᠬᠦ ᠪᠠᠯᠭᠠᠰᠤᠨ ᠤ ᠴᠢᠬᠤᠯᠠ ᠠᠵᠢᠯ ᠪᠤᠯᠭᠠᠵᠤ ᠠᠳᠬᠤᠨ᠂ ᠠᠵᠢᠯ ᠤᠨ ᠠᠷᠭ᠎ᠠ ᠪᠠᠷᠢᠯ ᠢᠶᠠᠨ    ᠨᠠᠷᠢᠯᠢᠬᠵᠢᠭᠤᠯᠬᠤ ᠭᠡᠷᠡᠭᠳᠡᠢ᠃  ᠭᠠᠯ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢ  ᠴᠢᠩᠭᠠᠷᠠᠭᠤᠯᠵᠤ᠂  ᠪᠦᠬᠦ ᠠᠷᠠᠳ ᠤᠨ  ᠭᠠᠯ ᠰᠡᠷᠭᠡᠶᠢᠯᠡᠬᠦ ᠤᠬᠠᠮᠰᠠᠷ ᠢ  ᠲᠡᠭᠡᠭᠰᠢᠯᠡᠬᠦᠯᠦᠨ᠂  ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠵᠠᠷᠯᠠᠯ ᠢ   ᠲᠣᠰᠬᠤᠨ ᠤ ᠸᠢᠴᠠᠲ ᠬᠤᠯᠪᠤᠭ᠎ᠠ ᠳᠤ ᠳᠠᠮᠵᠢᠭᠤᠯᠵᠤ᠂  ᠠᠶᠢᠯ ᠡᠷᠦᠬᠡ ᠳᠤ ᠬᠦᠷᠲᠡᠯ᠎ᠡ ᠤᠬᠠᠭᠤᠯᠬᠤ ᠬᠡᠷᠡᠭᠲᠡᠢ᠃   ᠡᠯ᠎ᠡ ᠲᠣᠰᠬᠤᠨ ᠤ ᠬᠢᠨ ᠭᠠᠯ ᠤᠨᠳᠠᠷᠠᠭᠠᠬᠤ ᠠᠩᠭᠢ ᠪᠠᠶᠢᠭᠤᠯᠵᠤ᠂ ᠭᠠᠯ ᠤᠨᠲᠠᠷᠠᠭᠠᠬᠤ ᠪᠣᠯᠪᠠᠰᠤᠷᠠᠯ ᠢ ᠥᠷᠨᠢᠭᠦᠯᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠡᠯ᠎ᠡ ᠲᠦᠷᠦᠯ ᠤᠨ ᠪᠡᠯᠡᠳᠬᠡᠯ ᠠᠵᠢᠯ ᠢ  ᠰᠠᠶᠢᠨ ᠬᠢᠬᠦ ᠶᠢᠨ ᠬᠠᠮᠳᠤ᠂ ᠬᠡᠮ ᠰᠣᠭᠤᠭ ᠤᠨ ᠪᠠᠶᠢᠴᠠᠭᠠᠯᠳᠠ  ᠶᠢ ᠴᠢᠩᠭᠠᠳᠬᠠᠵᠤ᠂  ᠭᠠᠯ ᠲᠦᠢᠮᠡᠷ ᠣᠯᠠᠨ ᠭᠠᠷᠳᠠᠭ ᠭᠤᠤᠯᠳᠠᠯᠭ᠎ᠠ ᠲᠠᠢ ᠭᠠᠵᠠᠷ ᠣᠷᠣᠨ ᠢ ᠴᠢᠩᠭ᠎ᠠ ᠬᠢᠨᠠᠨ ᠡᠵᠡᠮᠳᠡᠬᠦ ᠬᠡᠷᠡᠭᠲᠡᠢ᠃  ᠤᠢ ᠰᠢᠭᠤᠢ ᠬᠠᠮᠠᠭᠠᠯᠠᠭᠴᠢ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂  ᠴᠠᠭᠳᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ  ᠂ 24 ᠴᠠᠭ ᠤᠨ ᠵᠢᠵᠢᠬᠦᠷ ᠤᠨ ᠳᠦᠷᠢᠮ ᠢ ᠬᠡᠷᠡᠭᠵᠢᠭᠦᠯᠵᠦ᠂ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ ᠬᠡᠪᠡ᠃  ᠳᠡᠳ᠋ ᠪᠠᠯᠭᠠᠰᠤᠨ ᠳᠠᠷᠤᠭ᠎ᠠ ᠯᠢᠦ ᡁᠢ ᠴᠢᠶᠠᠩ ᠠᠴᠠ 2023 ᠤᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ  ᠰᠡᠷᠭᠡᠶᠢᠯᠡᠵᠦ ᠭᠠᠯ ᠤᠨᠳᠠᠷᠠᠭᠠᠬᠤ ᠠᠵᠢᠯ ᠳᠤ  ᠪᠠᠶᠢᠷᠢᠯᠠᠭᠤᠯᠤᠯᠲᠠ  ᠬᠢᠵᠡᠢ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号