ᠴᠢᠶᠠᠨ ᠶᠢᠨ ᠭᠧᠦ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ  ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/3/13
    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠡᠯ᠎ᠡ ᠲᠦᠷᠦᠯ ᠤᠨ ᠠᠵᠢᠯ ᠢ ᠨᠠᠷᠢᠨ ᠨᠢᠭᠲᠠ ᠨᠠᠶᠢᠳᠠᠪᠤᠷᠢᠵᠢᠭᠤᠯᠬᠤ ᠶᠢᠨ ᠲᠥᠯᠥᠭᠡ᠂ 3 ᠰᠠᠷ᠎ᠠ ᠶᠢᠨ 10  ᠤ ᠡᠳᠦᠷ ᠴᠢᠶᠠᠨ ᠶᠢᠨ ᠭᠧᠦ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃ ᠬᠤᠷᠠᠯ ᠲᠡᠭᠡᠷ᠎ᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ  ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠵᠢᠭᠠᠪᠤᠷᠢ ᠪᠠ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ 2023 ᠣᠨ ᠤ ᠪᠥᠬᠦ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠶᠡᠷᠦᠩᠬᠡᠢ  ᠰᠡᠳᠬᠢᠴᠡ ᠶᠢ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠪᠥᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ᠂  ᠲᠣᠰᠬᠤᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠪᠣᠯᠭᠠᠨ ᠠᠳᠬᠤᠵᠤ᠂ ᠲᠣᠰᠬᠤᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠣᠨ ᠵᠣᠬᠢᠶᠠᠨ ᠪᠠᠶᠢᠭᠤᠯᠬᠤ ᠬᠦᠴᠦᠨ ᠢ ᠲᠠᠰᠤᠷᠠᠯᠲᠠ ᠦᠭᠡᠢ ᠴᠢᠩᠭᠠᠳᠬᠠᠨ᠂ ᠲᠣᠰᠬᠤᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠬᠦᠴᠦᠨ᠂ ᠨᠢᠭᠲᠠᠷᠠᠯ ᠤᠨ ᠬᠦᠴᠦᠨ ᠪᠣᠯᠣᠨ ᠭᠡᠷᠡᠭᠵᠢᠬᠦᠯᠬᠦ ᠬᠦᠴᠦᠨ ᠢ ᠬᠦᠴᠦᠯᠡᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ   ᠬᠠᠷᠢᠯᠴᠠᠨ ᠠᠭᠤᠰᠤᠯᠴᠠᠵᠤ ᠬᠠᠮᠳᠤᠪᠠᠷ ᠠᠬᠢᠭᠰᠠᠨ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠃ ᠬᠥᠳᠡᠭᠡ ᠲᠣᠰᠬᠤᠨ ᠤ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠠᠴᠢᠶᠠᠯᠠᠪᠤᠷᠢ ᠪᠣᠯᠭᠠᠵᠤ᠂ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠦᠨ᠂ ᠤᠶᠤᠨ ᠤ ᠪᠣᠯᠪᠠᠰᠤᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠠᠶᠢᠭᠤᠯᠤᠯᠳᠠ ᠶᠢ ᠴᠢᠩᠭᠠᠳᠬᠠᠨ᠂ ᠣᠷᠣᠰᠢᠨ ᠰᠠᠭᠤᠷᠢᠰᠢᠵᠤ ᠠᠵᠢᠯᠯᠠᠵᠤ ᠠᠮᠢᠳᠤᠷᠠᠬᠤ   ᠳᠤ ᠲᠣᠬᠢᠷᠠᠮᠵᠢᠲᠠᠢ᠂ ᠡᠶ᠎ᠡ ᠡᠪᠲᠡᠢ ᠦᠵᠡᠰᠬᠦᠯᠡᠩᠳᠦ ᠰᠠᠶᠢᠬᠠᠨ ᠬᠥᠳᠡᠭᠡ ᠲᠣᠰᠬᠤᠨ ᠤ  ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃  ᠡᠳᠦᠷ ᠲᠤᠲᠤᠮ ᠤᠨ ᠬᠢᠨᠠᠨ ᠡᠵᠡᠮᠳᠡᠬᠦ᠂ ᠲᠣᠭᠲᠠᠮᠠᠯ ᠬᠤᠭᠤᠴᠠᠭ᠎ᠠ ᠲᠠᠢ ᠬᠢᠨᠠᠨ ᠰᠢᠯᠭᠠᠬᠤ᠂ ᠭᠤᠣᠯᠳᠠᠯᠭ᠎ᠠ ᠲᠠᠢ ᠬᠠᠷᠭᠤᠭᠤᠯᠤᠨ ᠪᠠᠶᠢᠴᠠᠭᠠᠬᠤ ᠪᠠ ᠲᠥᠪᠯᠡᠷᠡᠭᠦᠯᠦᠨ ᠪᠠᠶᠢᠴᠠᠭᠠᠬᠤ ᠶᠢ ᠬᠠᠷᠢᠯᠴᠠᠨ  ᠤᠶᠠᠯᠳᠤᠭᠤᠯᠤᠭᠰᠠᠨ ᠠᠷᠭ᠎ᠠ  ᠬᠡᠯᠪᠡᠷᠢ ᠶᠢ ᠠᠪᠴᠤ᠂ ᠭᠤᠣᠯᠳᠠᠯᠭ᠎ᠠ ᠲᠠᠢ ᠬᠦᠮᠦᠰ ᠲᠤ ᠠᠩᠬᠠᠷᠤᠯ ᠲᠦᠪᠯᠡᠷᠡᠬᠦᠯᠦᠨ᠂ ᠰᠤᠷᠭᠠᠨ ᠬᠥᠮᠦᠵᠢᠯ᠂  ᠡᠮ ᠡᠮᠨᠡᠯᠭᠡ᠂ ᠣᠷᠣᠨ ᠰᠠᠭᠤᠴᠠ᠂ ᠤᠰᠤ ᠤᠮᠳᠠ᠂ ︽ᠭᠤᠷᠪᠠ ᠶᠢ ᠪᠠᠲᠤᠯᠠᠬᠤ︾ ᠵᠡᠷᠭᠡ ᠭᠤᠣᠯᠳᠠᠯᠭ᠎ᠠ ᠲᠠᠢ ᠠᠵᠢᠯ ᠢ ᠲᠤᠪᠤᠶᠢᠯᠭᠠᠵᠤ᠂ ᠬᠥᠳᠡᠯᠦᠩᠭᠦᠢ ᠪᠠᠷ ᠬᠢᠨᠠᠨ ᠰᠢᠯᠭᠠᠬᠤ ᠪᠠ ᠪᠦᠲᠦᠮᠵᠢᠲᠡᠶ ᠪᠠᠷ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠦᠷᠨᠢᠬᠦᠯᠦᠨ᠂  ᠪᠠᠳᠤᠯᠠᠭ᠎ᠠ ᠳᠤ ᠤᠷᠤᠬᠤ  ᠵᠤᠬᠢᠰᠳᠠᠢ ᠬᠦᠮᠦᠨ ᠨᠢᠬᠡᠪᠦᠷᠢ ᠶᠢᠨ ᠪᠠᠳᠤᠯᠠᠭ᠎ᠠ ᠳᠤ ᠤᠷᠤᠬᠤ ᠶᠢ ᠦᠨᠡᠨᠬᠦ ᠪᠠᠲᠤᠯᠠᠵᠤ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ  ᠰᠠᠬᠢᠬᠤ ᠬᠡᠷᠡᠭᠲᠡᠢ᠃  ᠲᠣᠰᠬᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠨᠢᠭᠡᠳ ᠨᠢᠭᠡ ᠪᠠᠷ  ᠰᠤᠳᠤᠯᠤᠨ ᠮᠠᠭᠠᠳᠯᠠᠵᠤ ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠳᠤ ᠵᠣᠬᠢᠰᠲᠠᠢ ᠲᠤᠬᠢᠷᠠᠭᠤᠯᠤᠯᠳᠠ ᠬᠢᠵᠦ᠂ ᠠᠵᠢᠯ ᠳᠤ ᠭᠠᠷᠬᠤ ᠶᠢ ᠰᠢᠯᠭᠠᠬᠤ᠂ ᠴᠢᠯᠦᠭᠡ ᠭᠤᠶᠤᠬᠤ᠂ ᠠᠵᠢᠯ ᠢᠶᠠᠨ ᠮᠡᠳᠡᠭᠦᠯᠬᠦ᠂ ᠰᠠᠬᠢᠯᠭ᠎ᠠ ᠪᠠᠲᠤ ᠪᠠᠷ ᠬᠢᠵᠠᠭᠠᠷᠯᠠᠬᠤ ᠵᠡᠷᠭᠡ ᠳᠦᠷᠢᠮ ᠲᠤᠭᠳᠠᠭᠠᠯ ᠢ ᠴᠢᠩᠭ᠎ᠠ ᠭᠡᠷᠡᠭᠵᠢᠬᠦᠯᠦᠨ᠂  ᠠᠵᠢᠯᠯᠠᠬᠤ ᠠᠩᠭᠢ ᠶᠢᠨ ᠦᠵᠡᠯ ᠰᠠᠨᠠᠭᠠᠨ ᠤ ᠪᠠᠶᠢᠳᠠᠯ ᠪᠣᠯᠣᠨ ᠠᠵᠢᠯ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂  ᠬᠠᠪᠰᠤᠷᠤᠨ ᠲᠡᠳᠬᠦᠬᠦ ᠠᠵᠢᠯ ᠤᠨ ᠥᠨᠳᠥᠷ ᠪᠦᠲᠦᠮᠵᠢᠲᠡᠢ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号