2022 ᠤᠨ ᠳᠤ᠂ ᠲᠠᠶᠢᠹᠤᠰᠧ ᠬᠤᠰᠢᠭᠤ ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ 20 ᠬᠠᠪᠳᠠᠭᠠᠢ ᠳᠥᠷᠪᠡᠯᠵᠢᠨ ᠺᠢᠯᠤᠮᠧᠲᠷ ᠪᠠᠭ᠎ᠠ ᠰᠠᠪᠠ ᠭᠠᠵᠠᠷ ᠂ 6.5 ᠺᠢᠯᠤᠮᠧᠲᠷ | ᠭᠤᠣᠯ ᠤᠨ ᠵᠠᠮ ᠪᠤᠶᠤ ᠦᠶᠡᠷ ᠵᠠᠯᠠᠬᠤ ᠭᠤᠣ ᠶᠢᠨ ᠶᠡᠷᠦᠩᠬᠡᠶᠢᠯᠡᠭᠰᠡᠨ ᠵᠠᠰᠠᠯᠳᠠ ᠶᠢ ᠬᠢᠭᠰᠡᠨ ᠪᠦᠭᠡᠳ ᠣᠶ ᠶᠢᠨ | ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠵᠠᠷ ᠰᠢᠷᠤᠢ ᠶᠢ ᠨᠣᠭᠤᠭᠠᠷᠠᠭᠤᠯᠬᠤ | ᠠᠵᠢᠯᠯᠠᠭ᠎ᠠ ᠶᠢ ᠶᠡᠬᠡᠪᠡᠷ ᠥᠷᠨᠢᠭᠦᠯᠦᠨ᠂ 7148 ᠮᠦ ᠭᠤᠣᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠵᠦ᠂ | 1000 ᠮᠦ ᠶᠢ ᠬᠥᠮᠥᠨ ᠤ ᠬᠦᠴᠦ ᠪᠠᠷ ᠤᠶᠢᠵᠢᠭᠤᠯᠤᠨ᠂ 1.5 ᠲᠦᠮᠡᠨ ᠮᠦ ᠤᠢ ᠮᠤᠳᠤ ᠶᠢ ᠨᠦᠬᠦᠨ ᠳᠠᠷᠢᠵᠤ᠂ | 2 ᠲᠦᠮᠡᠨ ᠮᠦ ᠣᠶ ᠰᠢᠭᠤᠢ ᠶᠢ ᠠᠷᠠᠴᠢᠯᠠᠨ ᠪᠤᠶᠢᠵᠢᠭᠤᠯᠵᠠᠢ᠃ ᠡᠬᠦᠨ ᠤ ᠬᠠᠮᠳᠤ᠂ ᠮᠠᠯᠵᠢᠬᠤ ᠣᠷᠣᠨ ᠳᠤ ᠮᠠᠯ | ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠤᠯᠠᠷᠢᠯ ᠤᠨ ᠴᠢᠨᠠᠷᠲᠠᠢ ᠪᠡᠯᠴᠢᠭᠡᠷ ᠰᠡᠷᠬᠦᠬᠡᠬᠦ ᠳᠦᠷᠢᠮ ᠢ ᠴᠢᠩᠭ᠎ᠠ | ᠬᠡᠷᠡᠭᠵᠢᠭᠦᠯᠵᠦ᠂ ᠭᠤᠷᠪᠠᠳᠤᠭᠠᠷ ᠡᠭᠡᠯᠵᠢ ᠶᠢᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠪᠠᠶᠢᠨ᠎ᠠ᠃ ᠮᠦᠨ ᠵᠢᠯ ᠳᠤ᠂ ᠠᠮᠢᠳᠤᠷᠠᠯ ᠤᠨ ᠪᠤᠬᠢᠷ | ᠤᠰᠤ ᠪᠠ ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠠᠮᠢᠳᠤᠷᠠᠯ ᠤᠨ ᠬᠤᠭ | ᠨᠣᠪᠰᠢ ᠶᠢ ᠪᠤᠯᠠᠬᠤ ᠲᠠᠯᠠᠪᠠᠢ᠂ ᠡᠮᠨᠡᠯᠭᠡ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠪ ᠢ ᠪᠠᠷᠢᠮᠵᠢᠶ᠎ᠠ ᠳᠤ | ᠬᠦᠷᠭᠡᠨ ᠠᠵᠢᠯᠯᠠᠭᠤᠯᠵᠤ᠂ ᠲᠣᠭᠤᠭᠠᠨ ᠭᠡᠷ ᠤᠨ ᠬᠤᠭ ᠨᠣᠪᠰᠢ ᠶᠢ ᠬᠤᠣᠷ ᠦᠬᠡᠶᠢᠳᠡᠬᠦᠯᠦᠨ ᠰᠢᠢᠳᠪᠦᠷᠢᠯᠡᠬᠦ | ᠲᠦᠷᠦᠯ ᠵᠦᠢᠯ ᠢ ᠲᠦᠷᠭᠡᠳᠭᠡᠨ ᠠᠬᠢᠭᠤᠯᠪᠠ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠡᠷᠴᠢᠮᠳᠡᠢ ᠰᠠᠶᠢᠨ ᠬᠢᠵᠦ᠂ ᠡᠯ᠎ᠡ ᠱᠠᠲᠤᠨ ᠤ ᠡᠯ᠎ᠡ ᠲᠦᠷᠦᠯ ᠤᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠠᠯᠬᠤᠮ ᠲᠠᠷᠠᠭᠠᠯᠠᠯ ᠲᠠᠢ ᠶᠠᠪᠤᠭᠳᠠᠨ᠂ ᠡᠪᠦᠯ ᠤᠨ ᠤᠯᠠᠷᠢᠯ ᠤᠨ ᠤᠯᠢᠮᠫᠢᠺ ᠤᠨ | ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠤᠳ ᠤᠨ ᠤᠯᠢᠮᠫᠢᠺ ᠤᠨ ᠴᠤᠭᠯᠠᠭᠠᠨ ᠤ ᠬᠤᠭᠤᠴᠠᠭᠠᠨ ᠳᠠᠬᠢ | ᠠᠭᠠᠷ ᠤᠨ ᠴᠢᠨᠰᠠᠭ᠎ᠠ ᠶᠢ ᠪᠠᠲᠤᠯᠠᠬᠤ ᠡᠭᠦᠷᠭᠡ ᠠᠮᠵᠢᠯᠲᠠ ᠲᠠᠢ ᠪᠡᠶᠡᠯᠡᠭᠳᠡᠵᠡᠢ᠃ |