ᠲᠠᠶᠢᠹᠤᠰᠧ ᠬᠤᠰᠢᠭᠤ ᠪᠥᠬᠦ ᠬᠤᠰᠢᠭᠤᠨ ᠤ ᠭᠤᠣᠯᠳᠠᠯᠭ᠎ᠠ ᠲᠠᠢ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/15
  3 ᠰᠠᠷ᠎ᠠ ᠶᠢᠨ 14 ᠤ ᠡᠳᠦᠷ᠂ ᠲᠠᠶᠢᠹᠤᠰᠧ ᠬᠤᠰᠢᠭᠤ ᠭᠤᠣᠯᠳᠠᠯᠭ᠎ᠠ ᠲᠠᠢ ᠠᠵᠢᠯ ᠤᠨ ᠬᠤᠷᠠᠯ ᠬᠤᠷᠠᠯᠳᠤᠭᠤᠯᠵᠤ ᠂ ᠪᠦᠬᠦ ᠬᠤᠰᠢᠭᠤᠨ ᠤ ᠣᠳᠣᠬᠠᠨ ᠤ ᠪᠠ 2023 ᠣᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠪᠡ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠳᠤ ᠣᠷᠣᠯᠴᠠᠵᠤ ᠶᠠᠷᠢᠶ᠎ᠠ ᠲᠠᠯᠪᠢᠬᠤ ᠳᠠᠭᠠᠨ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂  ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠪᠣᠬᠢᠷᠳᠤᠯ ᠦᠭᠡᠢ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ  ᠂ ᠪᠤᠰᠢᠭᠤ ᠲᠦᠷᠭᠡᠨ ᠬᠦᠳᠡᠯᠵᠡᠬᠡᠵᠦ᠂ ᠵᠢᠭᠡᠯᠡᠯᠭᠡ ᠶᠢᠨ ᠲᠡᠮᠳᠡᠭᠲᠦ᠂ ᠲᠥᠪ   ᠤᠨ ᠲᠥᠰᠥᠪ ᠤᠨ ᠳᠣᠲᠣᠷᠠᠬᠢ ᠪᠡᠯᠡ ᠮᠥᠩᠭᠦ ᠪᠣᠯᠣᠨ ᠲᠤᠰᠬᠠᠢ ᠲᠦᠷᠦᠯ ᠤᠨ ᠪᠡᠯᠡ ᠮᠥᠩᠭᠦ ᠣᠯᠬᠤ ᠠᠵᠢᠯ ᠢ  ᠢᠳᠡᠪᠬᠢᠳᠡᠢ ᠰᠠᠶᠢᠨ ᠬᠢᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠬᠦᠢᠴᠡᠳᠭᠡᠯ ᠢ ᠴᠢᠨᠠᠭᠰᠢᠳᠠ ᠲᠡᠭᠦᠯᠳᠡᠷᠵᠢᠭᠦᠯᠦᠨ᠂ ᠲᠥᠷᠥᠯ ᠵᠦᠢᠯ ᠤᠨ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠯᠲᠤ ᠲᠡᠷᠭᠡᠨ ᠤ ᠥᠷᠳᠡᠭᠡ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠤᠯᠤᠰ ᠤᠨ ᠭᠠᠵᠠᠷ ᠰᠢᠷᠣᠢ ᠶᠢᠨ ᠨᠤᠭᠤᠭᠠᠷᠠᠭᠤᠯᠤᠯᠳᠠ ᠶᠢᠨ ᠵᠢᠱᠢᠶ᠎ᠡ ᠦᠵᠡᠭᠦᠯᠬᠦ  ᠴᠡᠭ ᠵᠡᠷᠭᠡ ᠭᠤᠣᠯᠳᠠᠯᠭ᠎ᠠ ᠲᠠᠢ ᠲᠥᠷᠥᠯ ᠵᠦᠢᠯ   ᠤᠨ ᠪᠠᠶᠢᠭᠤᠯᠤᠯᠲᠠ ᠶᠢ ᠲᠦᠷᠭᠡᠳᠬᠡᠨ᠂  ᠪᠦᠲᠦᠭᠡᠨ ᠪᠠᠶᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠪᠥᠬᠦ ᠬᠦᠴᠦᠨ ᠢᠶᠠᠷ ᠰᠢᠢᠳᠪᠦᠷᠢᠯᠡᠵᠦ ᠂ ᠡᠷᠲᠡ ᠠᠵᠢᠯ ᠲᠠᠭᠤᠰᠬᠠᠨ ᠡᠷᠲᠡ ᠠᠰᠢᠭᠯᠠᠯᠳᠠ ᠳᠤ ᠤᠷᠤᠭᠤᠯᠵᠤ ᠡᠷᠲᠡ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃  ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ  ᠪᠠ ᠤᠯᠠᠷᠢᠯ ᠤᠨ ᠴᠢᠨᠠᠷᠳᠠᠢ ᠪᠡᠯᠴᠢᠭᠡᠷ ᠰᠡᠷᠬᠦᠬᠡᠬᠦ ᠠᠵᠢᠯ ᠢ ᠯᠠᠪᠳᠠᠭᠤᠨ ᠪᠠᠲᠤᠲᠠᠢ ᠦᠷᠨᠢᠬᠦᠯᠦᠨ᠂  ᠠᠯᠪᠠᠨ ᠵᠠᠷᠯᠠᠯ ᠢ ᠴᠠᠭ ᠲᠤᠬᠠᠢ ᠳᠤᠨᠢ ᠨᠡᠶᠢᠲᠡᠯᠡᠵᠦ᠂ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠥᠷᠭᠡᠨ ᠣᠯᠠᠨ ᠮᠠᠯᠴᠢᠨ ᠲᠠᠷᠢᠶᠠᠴᠢᠨ ᠢ  ᠵᠢᠯᠤᠭᠤᠳᠤᠨ ᠲᠠᠶᠢᠴᠢᠯᠠᠵᠤ ᠪᠠᠶᠢᠭᠠᠳ ᠪᠠᠶᠢᠭᠠᠳ ᠡᠪᠡᠰᠦ ᠪᠣᠷᠳᠤᠭ᠎ᠠ ᠪᠠᠨ ᠲᠤᠬᠢᠷᠠᠭᠤᠯᠵᠤ ᠨᠥᠭᠡᠴᠡᠯᠡᠬᠦ ᠠᠵᠢᠯ ᠢ ᠰᠠᠶᠢᠲᠤᠷ ᠬᠢᠯᠬᠡᠵᠦ᠂  ᠬᠤᠯᠠᠭᠠᠢ ᠪᠠᠷ ᠪᠡᠯᠴᠢᠭᠡᠷᠯᠡᠬᠦᠯᠬᠦ ᠦᠶᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠲᠠᠰᠤᠷᠠᠯᠲᠠ ᠦᠭᠡᠢ ᠰᠢᠯᠢᠳᠡᠭᠵᠢᠬᠦᠯᠦᠨ᠂ ︽ ᠲᠠᠪᠤ ᠶᠢ ᠲᠤᠶᠢᠯᠪᠤᠷᠢᠳᠠᠢ ᠴᠡᠭᠴᠡᠯᠡᠬᠦ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠬᠦᠨᠵᠡᠬᠡᠶᠢᠷᠡᠬᠦᠯᠦᠨ᠂ ᠠᠶᠤᠯᠭᠦᠢ ᠦᠢᠯᠡᠳᠪᠦᠷᠢᠯᠡᠯ᠂ ᠬᠤᠲᠠ ᠪᠠᠯᠭᠠᠰᠤᠨ ᠤ ᠬᠠᠮᠢᠶᠠᠷᠤᠯᠲᠠ ᠵᠡᠷᠭᠡ ᠠᠵᠢᠯ ᠢ ᠤᠯᠠᠮ ᠰᠠᠶᠢᠨ ᠬᠢᠵᠦ᠂ ᠡᠯ᠎ᠡ  ᠲᠦᠷᠦᠯ ᠤᠨ ᠭᠤᠣᠯᠳᠠᠯᠭ᠎ᠠ ᠲᠠᠢ ᠡᠭᠦᠷᠭᠡ ᠶᠢ  ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠬᠤᠷᠠᠯ ᠲᠡᠭᠡᠷ᠎ᠡ᠂ ᠬᠤᠰᠢᠭᠤ  ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠲᠡᠳ᠋ ᠬᠤᠰᠢᠭᠤ ᠳᠠᠷᠤᠭ᠎ᠠ ᠶᠢᠨ ᠶᠦᠩ ᠾᠧ ᠠᠶᠤᠯᠭᠦᠢ ᠦᠢᠯᠡᠳᠪᠦᠷᠢᠯᠡᠯ ᠪᠠ ᠣᠢ ᠰᠢᠭᠤᠢ ᠨᠤᠲᠤᠭ ᠪᠡᠯᠴᠢᠭᠡᠷ ᠤᠨ ᠭᠠᠯ  ᠰᠡᠷᠭᠡᠶᠢᠯᠡᠬᠦ ᠠᠵᠢᠯ ᠢ ᠪᠠᠶᠢᠷᠢᠯᠠᠭᠤᠯᠵᠤ᠂   ᠳᠡᠳ᠋ ᠬᠤᠰᠢᠭᠤ ᠳᠠᠷᠤᠭ᠎ᠠ ᠣᠶᠤᠨᠴᠡᠴᠡᠭ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠤᠨ᠂  ᠳᠡᠳ᠋ ᠬᠤᠰᠢᠭᠤ ᠳᠠᠷᠤᠭ᠎ᠠ ᠪᠦᠦ ᠴᠢᠩ ᠱᠠᠨ 2023 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠪᠠᠶᠢᠷᠢᠯᠠᠭᠤᠯᠪᠠ᠃  ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠭᠡᠰᠢᠬᠦᠳ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ  ᠂ ᠡᠯ᠎ᠡ ᠰᠤᠮᠤ ᠰᠢᠶᠠᠩ  ᠪᠠᠯᠭᠠᠰᠤ᠂  ᠡᠯ᠎ᠡ ᠰᠠᠯᠠᠭ᠎ᠠ ᠮᠥᠴᠢᠷ   ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号