ᠢᠳᠡᠭᠡᠨ ᠤ ᠠᠮᠤᠷ ᠲᠦᠪᠰᠢᠨ ᠢ ᠪᠠᠳᠤᠯᠠᠵᠤ  ᠭᠡᠷᠡᠭᠯᠡᠭᠴᠢᠳ ᠤᠨ ᠡᠷᠭᠡ ᠠᠰᠢᠭ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2023/3/15
  ︽3.15︾ ᠤ  ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠬᠦᠷᠴᠦ ᠢᠷᠡᠬᠦ ᠲᠠᠰᠢᠷᠠᠮ ᠳᠤ᠂ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠬᠠᠮᠢᠶ᠎ᠠ ᠪᠦᠬᠦᠢ ᠰᠠᠯᠠᠭ᠎ᠠ ᠲᠠᠰᠤᠭ ᠲᠠᠢ ᠬᠠᠮᠲᠤᠷᠠᠨ᠂ ᠬᠠᠷᠢᠶ᠎ᠠ ᠣᠷᠣᠨ ᠤ ᠪᠠᠨ ᠲᠡᠯᠬᠡᠬᠦᠷ ᠬᠤᠳᠠᠯᠳᠤᠭ᠎ᠠ᠂ ᠬᠤᠭᠤᠯᠠᠨ ᠭᠡᠷ᠂ ᠰᠤᠷᠭᠠᠭᠤᠯᠢ ᠶᠢᠨ ᠬᠤᠭᠤᠯᠠᠨ ᠭᠡᠷ᠂ ᠰᠤᠷᠭᠠᠭᠤᠯᠢ ᠶᠢᠨ ᠤᠶᠢᠷ᠎ᠠ ᠬᠠᠪᠢ ᠳᠠᠬᠢ  ︽ᠵᠢᠵᠢᠭ ᠬᠤᠭᠤᠯᠠᠨ ᠰᠢᠷᠡᠭᠡ︾ ᠵᠡᠷᠭᠡ ᠲᠠᠯᠠᠪᠤᠷ ᠲᠤ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠬᠢᠵᠦ᠂  ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠭᠰᠠᠨ ᠪᠠᠶᠢᠨ᠎ᠠ ᠃  ᠡᠨᠡ ᠤᠳᠠᠭ᠎ᠠ  ᠬᠢᠷᠢ ᠲᠡᠩᠴᠡᠭᠦ ᠦᠭᠡᠢ᠂ ᠬᠤᠭᠤᠴᠠᠭ᠎ᠠ ᠨᠢ ᠥᠩᠭᠡᠷᠡᠭᠰᠡᠨ ᠢᠳᠡᠭᠡᠨ ᠤ ᠵᠦᠢᠯ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠬᠤᠭᠤᠯᠠ ᠪᠤᠳᠠᠭ᠎ᠠ ᠬᠢᠬᠦ  ᠂   ᠠᠶᠠᠭ᠎ᠠ ᠰᠠᠪᠬ᠎ᠠ ᠠᠷᠢᠭᠤᠳᠬᠠᠬᠤ᠂ ᠪᠠᠷᠠᠭ᠎ᠠ ᠣᠷᠣᠭᠤᠯᠬᠤ᠂ ᠲᠦᠭᠦᠬᠡᠢ ᠮᠠᠲ᠋ᠧᠷᠢᠶᠠᠯ ᠬᠡᠷᠡᠭᠯᠡᠬᠦ  ᠵᠢᠴᠢ ᠠᠵᠢᠯᠳᠠᠨ ᠤ  ᠡᠷᠡᠭᠦᠯ ᠮᠡᠨᠳᠦ ᠶᠢᠨ ᠦᠨᠡᠮᠯᠡᠯ᠂  ᠳᠠᠩᠰᠠ ᠮᠠᠲ᠋ᠧᠷᠢᠶᠠᠯ ᠵᠡᠷᠭᠡ ᠳᠤ ᠨᠠᠷᠢᠨ ᠪᠠᠶᠢᠴᠠᠭᠠᠯᠲᠠ ᠬᠢᠵᠡᠢ᠃ ᠪᠠᠶᠢᠴᠠᠭᠠᠯᠲᠠ ᠪᠠᠷ  ᠲᠠᠮᠵᠢᠭᠠᠳ ᠢᠳᠡᠭᠡᠨ ᠤᠮᠳᠠᠭᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠡ ᠶᠢ ᠱᠠᠭᠠᠷᠳᠠᠵᠤ᠂ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠬᠡᠷᠡᠮ ᠢ ᠤᠯᠠᠮ ᠪᠠᠬᠢᠯᠡᠭᠰᠡᠨ ᠪᠠᠶᠢᠨ᠎ᠠ᠃ ᠲᠠᠷᠠᠭᠠᠴᠢ ᠪᠠᠷ᠂ ᠲᠠᠶᠢᠹᠤᠰᠧ ᠬᠤᠰᠢᠭᠤᠨ ᠤ ᠬᠢᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ  ᠪᠠᠬᠢᠵᠢᠬᠦᠯᠦᠨ᠂ ᠠᠷᠠᠳ ᠢᠷᠭᠡᠳ ᠤᠨ ᠰᠠᠨᠠᠭ᠎ᠠ ᠠᠮᠤᠷ ᠢᠳᠡᠵᠦ  ᠰᠡᠳᠬᠢᠯ ᠲᠠᠭᠠᠳᠠᠢ ᠠᠮᠢᠳᠤᠷᠠᠬᠤ ᠶᠢ ᠪᠠᠳᠤᠯᠠᠬᠤ ᠪᠠᠷ  ᠪᠠᠶᠢᠭ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号