ᠲᠠᠶᠢᠹᠤᠰᠧ ᠬᠤᠰᠢᠭᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/16
   ᠵᠢᠯ ᠳᠤ ᠨᠢᠭᠡ ᠲᠤᠬᠢᠶᠠᠳᠠᠭ ︽3.15︾ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠬᠦᠷᠴᠦ ᠢᠷᠡᠬᠦ ᠲᠠᠰᠢᠷᠠᠮ ᠳᠤ  ᠂ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠮᠡᠨ ᠳᠤ ᠠᠮᠤᠷ ᠲᠦᠪᠰᠢᠨ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ  ᠪᠠᠶᠢᠭᠤᠯᠵᠤ ᠥᠭᠬᠦ ᠶᠢᠨ ᠲᠥᠯᠥᠭᠡ᠂ 3 ᠰᠠᠷ᠎ᠠ ᠶᠢᠨ 15 ᠤ ᠡᠳᠦᠷ ᠲᠠᠶᠢᠹᠤᠰᠧ ᠬᠤᠰᠢᠭᠤ ᠡᠯᠪᠡᠭ ᠪᠠᠶᠠᠯᠢᠭ ᠠᠭᠤᠯᠭ᠎ᠠ ᠲᠠᠢ ᠭᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠦᠳᠡᠯᠪᠦᠷᠢ ᠠᠵᠢᠯᠯᠠᠭ᠎ᠠ ᠶᠢ ᠦᠷᠨᠢᠬᠦᠯᠵᠡᠢ᠃  ᠠᠵᠢᠯᠳᠠᠳ ᠠᠴᠠ ᠬᠠᠭᠤᠷᠮᠠᠭ ᠮᠠᠭᠤ ᠲᠠᠸᠠᠷ ᠢ  ᠳᠡᠯᠭᠡᠨ ᠦᠵᠡᠬᠦᠯᠵᠦ᠂  ᠢᠷᠡᠵᠦ ᠶᠠᠪᠤᠭ᠎ᠠ ᠣᠯᠠᠨ ᠲᠦᠮᠡᠨ ᠳᠤ ᠲᠠᠸᠠᠷ ᠤᠨ ᠦᠨᠡᠨ ᠬᠤᠳᠠᠯ ᠪᠠ ᠬᠢᠷᠢ ᠲᠡᠩᠴᠡᠭᠰᠡᠨ ᠡᠰᠡᠬᠦ  ᠶᠢ ᠢᠯᠭᠠᠨ ᠲᠠᠨᠢᠬᠤ᠂  ᠠᠮᠤᠷ ᠲᠦᠪᠰᠢᠨ ᠪᠥᠭᠡᠳ ᠰᠠᠨᠠᠭ᠎ᠠ ᠠᠮᠤᠷ ᠦᠢᠯᠡᠳᠬᠦᠨ   ᠢ ᠰᠣᠩᠭᠤᠬᠤ ᠵᠡᠷᠭᠡ ᠬᠡᠷᠡᠭᠯᠡᠭᠡᠨ ᠤ ᠮᠡᠳᠡᠯᠭᠡ   ᠶᠢ ᠬᠦᠯᠢᠴᠡᠩᠭᠦᠢ ᠪᠠᠷ ᠲᠠᠶᠢᠯᠪᠤᠷᠢᠯᠠᠬᠤ   ᠶᠢᠨ ᠬᠠᠮᠲᠤ᠂ ᠣᠯᠠᠨ ᠲᠦᠮᠡᠨ ᠤ ᠠᠰᠠᠭᠤᠨ ᠯᠠᠪᠯᠠᠭᠰᠠᠨ ᠵᠦᠢᠯ ᠳᠤ ᠨᠠᠷᠢᠨ ᠲᠤᠳᠤᠷᠬᠠᠢ ᠬᠠᠷᠢᠭᠤᠯᠳᠠ ᠦᠭᠴᠦ᠂ ᠥᠷᠭᠡᠨ ᠣᠯᠠᠨ ᠬᠡᠷᠡᠭᠯᠡᠭᠴᠢᠳ ᠲᠤ ᠬᠠᠨᠳᠤᠯᠭᠠᠲᠤ ᠴᠢᠨᠠᠷᠲᠠᠢ ᠬᠠᠪᠰᠤᠷᠤᠯᠭ᠎ᠠ ᠪᠠ ᠵᠢᠯᠣᠭᠤᠳᠤᠯᠭ᠎ᠠ  ᠬᠠᠩᠭᠠᠭᠰᠠᠨ ᠪᠠᠶᠢᠨ᠎ᠠ  ᠃ ᠡᠨᠡ ᠡᠳᠦᠷ᠂ ᠡᠯ᠎ᠡ ᠲᠥᠷᠥᠯ ᠤᠨ ᠤᠬᠠᠭᠤᠯᠭ᠎ᠠ   ᠶᠢᠨ ᠮᠠᠲ᠋ᠧᠷᠢᠶᠠᠯ   ᠢ ᠨᠡᠶᠢᠲᠡ 2000 ᠭᠠᠷᠤᠢ ᠬᠤᠪᠢ ᠲᠠᠷᠬᠠᠭᠠᠵᠤ᠂ 90 ᠭᠠᠷᠤᠢ ᠬᠥᠮᠥᠨ   ᠤ ᠠᠰᠠᠭᠤᠵᠤ ᠯᠠᠪᠯᠠᠭᠰᠠᠨ ᠵᠦᠢᠯ ᠳᠤ ᠬᠠᠷᠢᠭᠤᠯᠳᠠ  ᠦᠭᠬᠦᠭᠰᠡᠨ ᠤ ᠬᠠᠮᠲᠤ᠂ ᠲᠣᠮᠣ ᠬᠡᠯᠪᠡᠷᠢ ᠶᠢᠨ ᠳᠡᠯᠭᠡᠭᠦᠷ  ᠬᠤᠳᠠᠯᠳᠤᠭ᠎ᠠ᠂ ᠬᠤᠭᠤᠯᠠᠨ ᠭᠡᠷ   ᠤᠨ LED ᠳᠡᠯᠭᠡᠴᠡ ᠳᠡᠭᠡᠷ᠎ᠡ ︽ᠬᠠᠭᠤᠷᠮᠠᠭ ᠮᠠᠭᠤ ᠲᠠᠸᠠᠷ ᠲᠤ ᠴᠣᠬᠢᠯᠲᠠ ᠥᠭᠴᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ  ᠬᠠᠮᠠᠭᠠᠯᠠᠬᠤ︾  ᠤᠬᠠᠭᠤᠯᠭ᠎ᠠ ᠶᠢᠨ ᠤᠷᠢᠶ᠎ᠠ ᠶᠢ ᠲᠠᠯᠪᠢᠵᠠᠢ᠃  ᠡᠬᠦᠨ ᠤ ᠬᠠᠮᠳᠤ᠂ 2022 ᠣᠨ ᠤ ᠬᠤᠷᠢᠶᠠᠨ ᠠᠪᠤᠭᠰᠠᠨ ᠬᠠᠭᠤᠷᠮᠠᠭ ᠮᠠᠭᠤ ᠲᠠᠸᠠᠷ ᠢ ᠲᠥᠪᠯᠡᠷᠡᠭᠦᠯᠦᠨ ᠰᠢᠳᠠᠭᠠᠵᠤ᠂ ᠨᠡᠶᠢᠲᠡ 3 ᠲᠦᠮᠡ ᠭᠠᠷᠤᠢ ᠲᠥᠭᠦᠷᠢᠭ ᠤᠨ ᠥᠷᠲᠡᠭ ᠪᠦᠬᠦᠢ ᠬᠠᠭᠤᠷᠮᠠᠭ ᠮᠠᠭᠤ ᠲᠠᠸᠠᠷ ᠢ ᠤᠰᠠᠳᠬᠠᠪᠠ᠃ 2022 ᠣᠨ ᠠᠴᠠ ᠨᠠᠰᠢ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ   ᠶᠢᠨ ᠲᠣᠪᠴᠢᠶ᠎ᠠ   ᠨᠢ ᠬᠡᠷᠡᠭᠯᠡᠭᠴᠢᠳ ᠤᠨ ᠵᠠᠭᠠᠯᠳᠤᠯᠭ᠎ᠠ   ᠶᠢ ᠨᠡᠶᠢᠲᠡ 500 ᠭᠠᠷᠤᠢ ᠭᠥᠯᠢᠶᠡᠨ ᠠᠪᠴᠤ ᠰᠢᠢᠳᠪᠦᠷᠢᠯᠡᠭᠡᠳ᠂  ᠡᠶᠡᠳᠡᠬᠦᠯᠦᠨ ᠰᠢᠢᠳᠪᠦᠷᠢᠯᠡᠭᠰᠡᠨ ᠨᠣᠷᠮ᠎ᠠ 99 %   ᠶᠢ ᠲᠠᠪᠠᠵᠤ᠂ ᠬᠡᠷᠡᠭᠯᠡᠭᠴᠢᠳ ᠲᠤ 83 ᠲᠦᠮᠡ ᠭᠠᠷᠤᠢ ᠲᠥᠭᠦᠷᠢᠭ ᠤᠨ ᠠᠵᠤ ᠠᠬᠤᠢ   ᠶᠢᠨ ᠬᠤᠬᠢᠷᠠᠯ   ᠢ ᠡᠭᠡᠭᠦᠯᠦᠨ  ᠠᠪᠴᠢᠷᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号