ᠬᠦᠨᠪᠤᠯᠠᠭ ᠰᠤᠮᠤ  ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠠᠶᠢᠷᠢᠯᠠᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2023/3/16
  3 ᠰᠠᠷ᠎ᠠ ᠶᠢᠨ 15 ᠤ ᠡᠳᠦᠷ᠂ ᠬᠦᠨᠪᠤᠯᠠᠭ ᠰᠤᠮᠤ 2023 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ  ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠤ ᠳᠠᠷᠤᠭ᠎ᠠ ᠭᠦᠸᠧ ᠰᠢᠶᠣᠣ ᠮᠧᠩ ᠬᠤᠷᠠᠯ ᠡᠷᠭᠢᠯᠡᠵᠦ᠂ ᠡᠯ᠎ᠡ ᠭᠠᠴᠠᠭᠠᠨ ᠤ ︽ᠨᠢᠭᠡᠳᠦᠭᠡᠷ ᠱᠦᠵᠢ︾᠂ ᠭᠠᠴᠠᠭᠠᠨ ᠤ ︽ᠬᠤᠶᠠᠷ ᠵᠥᠪᠯᠡᠯ︾ ᠤᠨ ᠭᠡᠰᠢᠬᠦᠳ ᠬᠤᠷᠠᠯ ᠳᠤ ᠣᠷᠣᠯᠴᠠᠵᠠᠢ᠃ ᠳᠡᠳ᠋ ᠰᠤᠮᠤᠨ ᠤ ᠳᠠᠷᠤᠭ᠎ᠠ ᠪᠠᠶᠠᠷ ᠴᠢᠬᠤᠯᠠᠴᠢᠯᠠᠬᠤ  ᠳᠠᠭᠠᠨ᠂ ᠤᠢ ᠰᠢᠭᠤᠢ ᠨᠤᠲᠤᠭ ᠪᠡᠯᠴᠢᠭᠡᠷ ᠤᠨ  ᠭᠠᠯ ᠲᠦᠢᠮᠡᠷ ᠢ ᠰᠡᠷᠭᠡᠶᠢᠯᠡᠬᠦ ᠪᠣᠯ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ  ᠪᠠᠶᠢᠵᠤ᠂ ᠡᠬᠢ ᠪᠠᠶᠠᠯᠢᠭ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠠᠮᠢ ᠠᠬᠤᠢ ᠶᠢᠨ ᠠᠮᠤᠷ ᠲᠦᠪᠰᠢᠨ ᠳᠤ ᠬᠤᠯᠪᠣᠭᠳᠠᠵᠤ᠂  ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠨ᠎ᠠ᠃ ᠣᠳᠣᠬᠠᠨ ᠳᠤ᠂ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠢᠷᠡᠭᠰᠡᠨ ᠪᠣᠯᠬᠤᠷ ᠡᠯ᠎ᠡ ᠭᠠᠴᠠᠭ᠎ᠠ ᠨᠢ ᠡᠷᠬᠡᠪᠰᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠢ ᠦᠨᠡᠨᠬᠦ ᠴᠢᠩᠭ᠎ᠠ ᠠᠳᠬᠤᠵᠤ᠂  ᠨᠠᠷᠢᠯᠢᠭ ᠠᠳᠬᠤᠵᠤ᠂ ᠪᠣᠳᠠᠲᠠᠢ ᠠᠳᠬᠤᠬᠤ ᠬᠡᠷᠡᠭᠲᠡᠢ ᠭᠡᠪᠡ᠃  ᠭᠦᠸᠧ ᠰᠢᠶᠣᠣ ᠮᠧᠩ ᠠᠴᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ  ᠭᠡᠷᠡᠭᠵᠢᠬᠦᠯᠦᠨ᠂ ᠭᠠᠯ ᠭᠠᠷᠪᠠᠯ  ᠲᠦᠷᠭᠡᠨ ᠮᠡᠳᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠭᠠᠴᠠᠭ᠎ᠠ ᠲᠠᠢ  ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠭᠡᠷ᠎ᠡ ᠲᠤᠭᠳᠠᠬᠤ ᠪᠦᠭᠡᠳ  ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠮᠤ ᠭᠠᠴᠠᠭᠠᠨ ᠤ ᠭᠠᠯ ᠰᠡᠷᠭᠡᠶᠢᠯᠡᠵᠦ ᠠᠪᠤᠷᠠᠨ ᠲᠤᠰᠠᠯᠠᠬᠤ ᠡᠩᠨᠡᠭᠡ ᠶᠢ ᠤᠯᠠᠮ ᠲᠡᠬᠦᠯᠳᠡᠷᠵᠢᠬᠦᠯᠦᠨ᠂  ᠪᠦᠬᠦ ᠰᠤᠮᠤᠨ ᠤ ᠠᠮᠤᠷ ᠲᠣᠭᠲᠠᠭᠤᠨ ᠢ ᠬᠠᠮᠠᠭᠠᠯᠠᠬᠤ᠂ ᠮᠠᠯᠴᠢᠳ ᠤᠨ ᠠᠮᠢ ᠨᠠᠰᠤ ᠡᠳ᠋ ᠬᠥᠷᠥᠩᠭᠡ ᠶᠢ  ᠬᠠᠮᠠᠭᠠᠯᠠᠬᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠳᠤ ᠪᠠᠳᠤ ᠪᠠᠬᠢ ᠬᠠᠯᠬᠠᠪᠴᠢ ᠶᠢ ᠬᠠᠩᠭᠠᠬᠤ ᠭᠡᠷᠡᠭᠳᠡᠢ᠃  ᠡᠬᠦᠨ ᠤ ᠬᠠᠮᠳᠤ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠡᠷᠴᠢᠮ  ᠢ ᠴᠢᠩᠭᠠᠷᠠᠭᠤᠯᠵᠤ᠂ ᠪᠥᠬᠦ ᠰᠤᠮᠤᠨ ᠤ ᠺᠠᠳ᠋ᠷ ᠠᠵᠢᠯᠲᠠᠨ  ᠂ ᠮᠠᠯᠴᠢᠨ ᠲᠦᠮᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠬᠥᠮᠥᠨ ᠪᠣᠯᠭᠠᠨ ᠭᠠᠯ ᠰᠡᠷᠭᠡᠶᠢᠯᠡᠬᠦ ᠶᠢ ᠠᠳᠬᠤᠵᠤ᠂ ᠬᠥᠮᠥᠨ ᠪᠣᠯᠭᠠᠨ ᠭᠠᠯ ᠰᠡᠷᠭᠡᠶᠢᠯᠡᠬᠦ ᠶᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ  ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号