ᠶᠦᠩ ᠹᠧᠩ ᠪᠠᠯᠭᠠᠰᠤ ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠠᠷ ᠴᠤᠯᠠᠯᠠᠭᠳᠠᠯ᠎ᠠ
ᠨᠡᠶᠢᠲᠡᠯᠡᠭᠰᠡᠨ ᠴᠠᠭ᠄
2023/3/16
  3 ᠰᠠᠷ᠎ᠠ ᠶᠢᠨ 14 ᠤ ᠡᠳᠦᠷ᠂ ᠶᠦᠩ ᠹᠧᠩ ᠪᠠᠯᠭᠠᠰᠤ ᠨᠢ ︽ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ︾ ᠶᠢᠨ ᠫᠠᠶᠢᠰᠠ ᠡᠯᠭᠦᠬᠦ ᠶᠣᠰᠣᠯᠠᠯ ᠶᠠᠪᠤᠭᠤᠯᠵᠤ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠭᠦ ᠵᠦᠪᠯᠡᠯ ᠤᠨ ᠡᠷᠭᠢᠯᠡᠭᠴᠢ ᠲᠡᠬᠦᠰ᠂  ᠲᠡᠳ᠋ ᠡᠷᠭᠢᠯᠡᠭᠴᠢ ᠲᠦᠮᠡᠨᠬᠡᠷᠡᠯ ᠬᠤᠷᠠᠯ ᠳᠤ ᠤᠷᠤᠯᠴᠠᠨ᠂ ︽ᠪᠦᠭᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ︾   ᠶᠢᠨ ᠫᠠᠶᠢᠰᠠ ᠶᠢ ᠣᠯᠭᠤᠪᠠ᠃ ᠣᠶᠢᠷ᠎ᠠ ᠶᠢᠨ ᠵᠢᠯ ᠳᠤ᠂ ᠶᠦᠩ ᠹᠧᠩ ᠪᠠᠯᠭᠠᠰᠤ  ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠪᠦᠬᠦ ᠪᠠᠯᠭᠠᠰᠤᠨ ᠤ ᠪᠦᠬᠦᠶᠢᠯᠡ ᠠᠵᠢᠯ ᠲᠠᠢ ᠪᠠᠨ ᠨᠢᠭᠲᠠ ᠤᠶᠠᠯᠳᠤᠭᠤᠯᠵᠤ᠂ ᠵᠢᠱᠢᠶ᠎ᠡ   ᠲᠠᠭᠤᠷᠢᠶᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠦᠨᠳᠦᠰᠦᠨ ᠴᠢᠭᠯᠡᠯ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠴᠢᠩᠭᠠᠳᠬᠠᠬᠤ ᠪᠠᠷ ᠦᠨᠳᠦᠰᠦᠨ ᠠᠷᠭ᠎ᠠ ᠵᠠᠮ  ᠪᠤᠯᠭᠠᠨ᠂  ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠪᠠ ᠡᠭᠦᠳᠦᠨ ᠪᠠᠶᠢᠭᠤᠯᠬᠤ ᠠᠵᠢᠯ ᠢ ᠪᠣᠳᠠᠲᠠᠢ ᠦᠢᠯᠡᠳᠦᠯᠭᠡ ᠪᠣᠯᠭᠠᠨ ᠬᠤᠪᠢᠷᠠᠭᠤᠯᠵᠤ᠂ ︽ᠦᠨᠳᠦᠰᠦᠲᠡᠨ ᠨᠦᠭᠦᠳ ᠨᠢᠭᠡ ᠭᠡᠷ ᠤᠨ ᠬᠥᠮᠥᠨ ᠮᠡᠲᠦ  ᠪᠦᠯᠬᠦᠮᠳᠡᠬᠦ︾ ᠠᠵᠢᠯᠯᠠᠭ᠎ᠠ ᠶᠢ ᠬᠦᠨᠵᠡᠬᠡᠢ ᠦᠷᠨᠢᠬᠦᠯᠦᠭᠡᠳ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠤᠷᠤᠯᠴᠠᠬᠤ᠂ ᠬᠠᠷᠢᠯᠴᠠᠨ ᠲᠤᠯᠢᠳᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠶᠢ ᠠᠬᠢᠭᠤᠯᠵᠤ᠂ ᠨᠠᠮ ᠲᠦᠷᠦ ᠶᠢᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠤᠱᠯᠠᠨ ᠨᠠᠶᠢᠳᠠᠪᠤᠷᠢᠵᠢᠬᠤ ᠶᠢ ᠠᠬᠢᠭᠤᠯᠵᠤ ᠢᠷᠡᠭᠰᠡᠨ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号