ᠬᠦᠨᠪᠤᠯᠠᠭ ᠰᠤᠮᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠳᠦᠷᠢᠮ︾ ᠢ ᠰᠤᠷᠤᠯᠴᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2023/3/16
  3 ᠰᠠᠷ᠎ᠠ ᠶᠢᠨ 15 ᠤ ᠡᠳᠦᠷ᠂  ᠬᠦᠨᠪᠤᠯᠠᠭ ᠰᠤᠮᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠳᠦᠷᠢᠮ︾ ᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠬᠤᠷᠠᠯ  ᠬᠤᠷᠠᠯᠳᠤᠭᠤᠯᠵᠤ᠂ ᠡᠯ᠎ᠡ ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠳ ᠬᠤᠷᠠᠯ ᠳᠤ ᠣᠷᠣᠯᠴᠠᠪᠠ᠃  ᠰᠤᠮᠤᠨ ᠤ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ ᠴᠢᠮᠡᠭᠰᠡᠨ ᠬᠤᠷᠠᠯ ᠢ ᠡᠷᠬᠢᠯᠡᠵᠦ᠂  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠳᠦᠷᠢᠮ︾ ᠤᠨ ᠶᠡᠷᠦᠩᠬᠡᠢ ᠳᠦᠷᠢᠮ᠂ ᠱᠠᠰᠢᠨ ᠰᠤᠷᠲᠠᠬᠤᠨ ᠤ ᠪᠦᠯᠬᠦᠮ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ᠂ ᠱᠠᠰᠢᠨ ᠰᠤᠷᠲᠠᠬᠤᠨ ᠤ ᠠᠵᠢᠯᠲᠠᠨ᠂ ᠱᠠᠰᠢᠨ ᠰᠤᠷᠲᠠᠬᠤᠨ ᠤ ᠠᠵᠢᠯᠯᠠᠭ᠎ᠠ᠂ ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠭᠤᠣᠯᠳᠠᠯᠭ᠎ᠠ ᠲᠠᠢ ᠠᠭᠤᠯᠭ᠎ᠠ ᠳᠤ ᠨᠠᠷᠢᠨ ᠲᠠᠶᠢᠯᠤᠮᠵᠢ ᠬᠢᠵᠡᠢ᠃ᠬᠤᠷᠠᠯ ᠠᠴᠠ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂  ᠱᠠᠰᠢᠨ ᠰᠤᠷᠲᠠᠬᠤᠨ ᠤ ᠡᠷᠡᠬᠦᠯ ᠬᠠᠷᠢᠴᠠᠭ᠎ᠠ ᠶᠢ ᠪᠠᠶᠢᠭᠤᠯᠤᠨ᠂ ᠠᠵᠢᠯ ᠤᠨ ᠲᠣᠭᠲᠠᠴᠠ ᠪᠠᠨ ᠪᠦᠷᠢᠨᠰᠢᠭᠦᠯᠵᠦ᠂ ᠰᠠᠬᠢᠯᠭ᠎ᠠ ᠪᠠᠲᠤ ᠶᠢᠨ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠨ᠂ ︽ᠳᠦᠷᠢᠮ︾  ᠤᠨ ᠤᠬᠠᠭᠤᠯᠭ᠎ᠠ ᠬᠥᠮᠦᠵᠢᠯ ᠢ ᠰᠠᠶᠢᠲᠤᠷ ᠠᠳᠬᠤᠬᠤ ᠬᠡᠷᠡᠭᠲᠡᠢ᠃ ᠪᠣᠳᠠᠲᠠᠢ ᠠᠵᠢᠯ ᠤᠨ ᠳᠤᠮᠳᠠ ᠪᠠᠨ᠂  ︽ᠳᠦᠷᠢᠮ︾ ᠢ ᠲᠤᠤᠱᠯᠠᠭᠤᠯᠤᠨ ᠬᠡᠷᠡᠭᠵᠢᠭᠦᠯᠬᠦ ᠶᠢ ᠨᠠᠮ ᠤᠨ ᠱᠠᠰᠢᠨ ᠰᠤᠷᠲᠠᠬᠤᠨ ᠤ ᠲᠦᠷᠦ ᠶᠢᠨ ᠪᠣᠳᠣᠯᠭ᠎ᠠ ᠶᠢ ᠲᠤᠤᠱᠯᠠᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ ᠂ ᠱᠠᠰᠢᠨ ᠰᠢᠲᠦᠯᠭᠡ ᠡᠷᠬᠡ ᠴᠢᠯᠦᠭᠡ ᠲᠠᠢ ᠪᠠᠶᠢᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠱᠠᠰᠢᠨ ᠰᠤᠷᠲᠠᠬᠤᠨ ᠤ ᠬᠡᠷᠡᠭ  ᠡᠷᠬᠢᠯᠡᠬᠦ ᠠᠵᠢᠯ ᠢ ᠬᠠᠤᠯᠢ ᠲᠦᠷᠢᠮ ᠤᠨ ᠲᠠᠭᠠᠤ ᠰᠠᠶᠢᠨ ᠬᠢᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号