ᠵᠤᠤ ᠹᠧᠢ ᠫᠧᠩ᠂ ᠴᠧᠨ ᠶᠠᠨ ᠪᠦᠦ ᠴᠧᠩᠳᠦ᠋ ᠶᠢᠨ ᠳ᠋ᠡ ᠨᠦᠩ ᠪᠦᠯᠦᠭᠯᠡᠯ ᠤᠨ ᠬᠢᠨ ᠲᠠᠢ  ᠰᠠᠨᠠᠯ ᠢᠶᠠᠨ ᠰᠤᠯᠢᠯᠴᠠᠭᠰᠠᠨ
ᠨᠡᠶᠢᠲᠡᠯᠡᠭᠰᠡᠨ ᠴᠠᠭ᠄
2023/3/17
   3 ᠰᠠᠷ᠎ᠠ ᠶᠢᠨ 15 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠴᠧᠩᠳᠦ᠋ ᠶᠢᠨ ᠳ᠋ᠡ ᠨᠦᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ  ᠳ᠋ᠠᠢ ᠸᠧᠨ ᠵᠢᠶᠠᠨ ᠵᠡᠷᠭᠡ ᠬᠦᠮᠦᠰ ᠲᠠᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠬᠤ᠂  ᠮᠢᠬᠠᠨ ᠤ ᠦᠬᠡᠷ ᠤᠨ ᠲᠥᠷᠥᠯ ᠵᠦᠢᠯ ᠤᠨ ᠪᠣᠯᠣᠮᠵᠢᠲᠤ ᠴᠢᠨᠠᠷ ᠢ ᠠᠬᠢᠭᠤᠯᠬᠤ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠵᠣᠣ ᠹᠧᠢ ᠫᠧᠩ᠂ ᠴᠧᠨ ᠶᠠᠨ ᠪᠦᠦ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ   ᠢ ᠲᠥᠯᠥᠭᠡᠯᠡᠨ ᠰᠢᠨᠵᠢᠯᠡᠨ ᠪᠠᠶᠢᠴᠠᠭᠠᠬᠤ ᠳᠤᠭᠤᠶᠢᠯᠠᠩ   ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠲᠠᠶᠢᠹᠤᠰᠧ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ   ᠢ ᠰᠢᠯᠢᠳᠡᠭᠵᠢᠭᠦᠯᠬᠦ᠂  ᠠᠷᠠᠯᠵᠢᠶᠠᠴᠢᠨ ᠤᠷᠢᠵᠤ ᠪᠡᠯᠡ ᠣᠷᠣᠭᠤᠯᠬᠤ᠂  ᠮᠢᠬᠠᠨ ᠤ ᠦᠬᠡᠷ ᠪᠤᠷᠳᠤᠨ ᠲᠠᠷᠭᠤᠯᠠᠭᠤᠯᠬᠤ ᠪᠠ ᠨᠠᠷᠢᠯᠢᠭ ᠪᠣᠯᠪᠠᠰᠤᠷᠠᠭᠤᠯᠬᠤ ᠵᠡᠷᠭᠡ ᠲᠠᠯ᠎ᠠ   ᠪᠠᠷ ᠲᠠᠨᠢᠯᠴᠠᠭᠤᠯᠭ᠎ᠠ ᠬᠢᠵᠡᠢ᠃  ᠳ᠋ᠠᠢ ᠸᠧᠨ ᠵᠢᠶᠠᠨ   ᠠᠴᠠ ᠺᠣᠮᠫᠠᠨᠢ ᠶᠢᠨ ᠢᠶᠠᠨ ᠲᠣᠶᠢᠮᠣ ᠪᠠᠶᠢᠳᠠᠯ᠂ ᠲᠤᠬᠠᠶᠢᠯᠠᠭᠰᠠᠨ ᠠᠵᠢᠯ  ᠪᠠ  ᠮᠢᠬᠠᠨ ᠤ ᠦᠬᠡᠷ  ᠤᠨ ᠠᠵᠤ ᠦᠢᠯᠡᠰ ᠤᠨ ᠬᠥᠭᠵᠢᠯᠲᠡ ᠶᠢᠨ ᠦᠨᠳᠦᠰᠦᠨ ᠪᠠᠶᠢᠳᠠᠯ  ᠢ ᠨᠠᠷᠢᠨ ᠲᠠᠨᠢᠯᠴᠠᠭᠤᠯᠤᠭᠰᠠᠨ ᠤ ᠬᠠᠮᠲᠤ᠂  ᠲᠠᠶᠢᠹᠤᠰᠧ ᠬᠤᠰᠢᠭᠤᠨ  ᠳᠠᠬᠢ ᠲᠥᠷᠥᠯ ᠵᠦᠢᠯ ᠤᠨ   ᠲᠥᠯᠦᠪᠵᠢᠭᠦᠯᠭᠡ ᠶᠢᠨ ᠪᠠᠶᠢᠳᠠᠯ  ᠢᠶᠠᠨ ᠲᠠᠨᠢᠯᠴᠠᠭᠤᠯᠵᠤ᠂ ᠲᠥᠷᠥᠯ ᠵᠦᠢᠯ ᠢ ᠭᠡᠷᠡᠭᠵᠢᠬᠦᠯᠬᠦ  ᠪᠠᠷ ᠳᠡᠮᠵᠢᠨ᠂  ᠲᠠᠶᠢᠹᠤᠰᠧ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂  ᠬᠠᠮᠳᠤᠪᠠᠷ ᠠᠰᠢᠭ ᠬᠦᠷᠳᠡᠬᠦ  ᠰᠠᠨᠠᠯ ᠪᠤᠳᠤᠯ ᠢᠶᠠᠨ  ᠢᠯᠡᠷᠭᠡᠶᠢᠯᠡᠭᠰᠡᠨ ᠪᠠᠶᠢᠨ᠎ᠠ᠃ ᠵᠤᠤ ᠬᠠᠢ ᠯᠢ᠂ ᠯᠢ ᠵᠠᠨ ᠪᠦᠦ᠂ ᠪᠦᠦ ᠴᠢᠩ ᠱᠠᠨ᠂ ᠮᠠ ᠵᠦᠩ ᠰᠢᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号