ᠲᠠᠶᠢᠹᠤᠰᠧ ᠬᠤᠰᠢᠭᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2023/3/17
  ᠬᠠᠪᠤᠷ ᠤᠨ ᠤᠯᠠᠷᠢᠯ ᠪᠣᠯ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠣᠯᠠᠨ ᠭᠠᠷᠳᠠᠭ ᠤᠯᠠᠷᠢᠯ ᠮᠥᠨ᠃ ᠤᠬᠠᠭᠤᠯᠭ᠎ᠠ ᠶᠢᠨ ᠠᠵᠢᠯ ᠢ ᠤᠯᠠᠮ ᠰᠠᠶᠢᠨ ᠬᠢᠵᠦ᠂  ᠰᠡᠷᠭᠡᠶᠢᠯᠡᠯᠲᠡ ᠶᠢᠨ ᠱᠤᠭᠤᠮ ᠢ  ᠴᠢᠨᠠᠭᠰᠢᠳᠠ ᠪᠠᠬᠢᠵᠢᠭᠦᠯᠬᠦ ᠶᠢᠨ ᠲᠥᠯᠥᠭᠡ᠂  3 ᠰᠠᠷ᠎ᠠ ᠶᠢᠨ 15 ᠤ ᠡᠳᠦᠷ ᠲᠠᠶᠢᠹᠤᠰᠧ ᠬᠤᠰᠢᠭᠤᠨ ᠤ ᠣᠶ ᠰᠢᠭᠤᠢ  ᠨᠤᠳᠤᠭ ᠪᠡᠯᠴᠢᠭᠡᠷ ᠤᠨ ᠲᠣᠪᠴᠢᠶ᠎ᠠ ᠨᠢ  ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ  ᠂ ᠤᠣ ᠱᠧᠩ ᠳ᠋ᠡ ᠴᠢᠯᠦᠭᠡᠳᠦ ᠲᠡᠯᠬᠡᠬᠦᠷ ᠤᠨ ᠡᠬᠦᠳᠡᠨ ᠳᠤ 2023 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃  ᠠᠬᠤᠢ ᠲᠠᠯᠠᠪᠠᠢ ᠳᠤ᠂ ᠠᠵᠢᠯᠲᠠᠳ ᠠᠴᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠬᠠᠮᠢᠶ᠎ᠠ ᠪᠦᠬᠦᠢ ᠬᠠᠤᠯ᠊ ᠲᠦᠷᠢᠮ ᠢ ᠲᠠᠶᠢᠯᠪᠤᠷᠢᠯᠠᠨ᠂ ᠭᠠᠯ  ᠰᠡᠷᠭᠡᠶᠢᠯᠡᠵᠦ ᠭᠠᠯ ᠤᠨᠲᠠᠷᠠᠭᠠᠬᠤ ᠮᠡᠳᠡᠯᠭᠡ ᠶᠢ ᠲᠦᠬᠡᠮᠡᠯᠵᠢᠬᠦᠯᠦᠭᠰᠡᠨ ᠤ ᠬᠠᠮᠲᠤ᠂ ᠷᠠᠳᠢᠣ᠋ ᠨᠡᠪᠲᠡᠷᠡᠭᠦᠯᠭᠡ ᠪᠠᠷ ᠲᠠᠮᠵᠢᠨ ᠠᠷᠠᠳ ᠢᠷᠭᠡᠳ ᠲᠤ ᠪᠣᠯᠪᠠᠰᠤᠨ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠤᠬᠠᠭᠤᠯᠤᠨ  ᠤᠷᠢᠶᠠᠯᠠᠵᠠᠢ᠃  ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠠᠷᠠᠳ ᠣᠯᠠᠨ ᠤ ᠭᠠᠯ  ᠰᠡᠷᠭᠡᠶᠢᠯᠡᠬᠦ  ᠤᠬᠠᠮᠰᠠᠷ ᠢ ᠴᠢᠩᠭᠠᠳᠬᠠᠵᠤ᠂  ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠢ ᠭᠦᠢᠴᠡᠳ ᠣᠶᠢᠯᠠᠭᠠᠭᠤᠯᠤᠨ᠂ ᠲᠡᠳᠡᠨ ᠤ ᠭᠠᠯ ᠰᠡᠷᠭᠡᠶᠢᠯᠡᠵᠦ ᠭᠠᠯ ᠤᠨᠳᠠᠷᠠᠭᠠᠬᠤ ᠠᠵᠢᠯ ᠳᠤ ᠢᠳᠡᠪᠬᠢᠳᠡᠢ ᠤᠷᠤᠯᠴᠠᠬᠤ ᠶᠢ ᠲᠠᠶᠢᠴᠢᠯᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠠᠵᠢᠯ ᠤᠨ ᠪᠠᠶᠢᠷᠢᠰᠢᠯ ᠢ ᠪᠣᠶ ᠪᠤᠯᠭᠠᠨ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠳᠤ ᠪᠠᠲᠤ ᠪᠠᠬᠢ ᠰᠠᠭᠤᠷᠢ ᠶᠢ  ᠲᠠᠯᠪᠢᠭᠰᠠᠨ ᠪᠠᠶᠢᠨ᠎ᠠ᠃  ᠡᠨᠡ ᠤᠳᠠᠭᠠᠨ ᠤ ᠠᠵᠢᠯᠯᠠᠭ᠎ᠠ ᠳᠤ 5 ᠲᠡᠷᠭᠡ᠂ 20 ᠭᠠᠷᠤᠢ ᠠᠵᠢᠯᠳᠠᠨ ᠬᠦᠳᠡᠯᠦᠯᠴᠡᠵᠦ᠂ ᠨᠡᠶᠢᠲᠡ 4000 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ   ᠢ ᠲᠠᠷᠬᠠᠭᠠᠵᠠᠢ᠃     ᠣᠶ ᠰᠢᠭᠤᠢ ᠨᠤᠳᠤᠭ ᠪᠡᠯᠴᠢᠭᠡᠷ ᠤᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠯᠢᠦ ᠯᠢᠶᠠᠩ᠄  ︽3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ  ᠪᠤᠯ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭ᠎ᠠ ᠪᠣᠯᠣᠨ᠎ᠠ᠂  ᠪᠢᠳᠡ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠪᠠᠷ  ᠲᠠᠮᠵᠢᠨ᠂ ᠣᠯᠠᠨ ᠲᠦᠮᠡᠨ ᠳᠤ ᠭᠠᠯ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ ᠤᠶᠢᠯᠠᠭᠠᠭᠤᠯᠵᠠᠢ  ᠃ ᠲᠠᠷᠠᠭᠠᠴᠢ ᠪᠠᠷ ᠪᠢᠳᠡ ᠪᠠᠰᠠ ᠰᠤᠮᠤ ᠰᠢᠶᠠᠩ ᠪᠠᠯᠭᠠᠰᠤ᠂  ᠭᠠᠴᠠᠭ᠎ᠠ ᠲᠣᠰᠬᠤᠨ   ᠳᠤ  ᠬᠦᠨᠵᠡᠬᠡᠶᠢᠷᠡᠨ ᠤᠬᠠᠭᠤᠯᠭ᠎ᠠ  ᠬᠢᠵᠦ᠂ ᠭᠠᠯ ᠰᠡᠷᠭᠡᠶᠢᠯᠡᠬᠦ ᠪᠠ ᠭᠠᠯ ᠤᠨᠲᠠᠷᠠᠭᠠᠬᠤ ᠮᠡᠳᠡᠯᠭᠡ ᠶᠢ ᠲᠦᠭᠡᠮᠡᠯᠵᠢᠭᠦᠯᠦᠨ᠂ ᠠᠷᠠᠳ ᠤᠯᠠᠨ ᠤ ᠭᠠᠯ ᠰᠡᠷᠭᠡᠶᠢᠯᠡᠬᠦ ᠤᠬᠠᠮᠰᠠᠷ ᠢ  ᠴᠢᠨᠠᠭᠰᠢᠳᠠ ᠲᠡᠭᠡᠭᠰᠢᠯᠡᠬᠦᠯᠬᠦ ᠪᠠᠷ ᠪᠠᠶᠢᠨ᠎ᠠ︾᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号