ᠲᠠᠶᠢᠹᠤᠰᠧ ᠬᠤᠰᠢᠭᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2023/3/17
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠵᠤ᠂  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠶᠡᠷᠦᠩᠬᠡᠶᠢᠯᠡᠭᠰᠡᠨ ᠠᠵᠢᠯ ᠤᠨ ᠴᠢᠳᠠᠪᠤᠷᠢ ᠪᠠ ᠬᠠᠤᠯᠢ ᠶᠢᠨ ᠬᠡᠪ ᠪᠣᠯᠪᠠᠰᠤᠷᠠᠯ ᠢ ᠴᠢᠨᠠᠭᠰᠢᠳᠠ ᠲᠡᠭᠡᠭᠰᠢᠯᠡᠬᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂  ᠬᠠᠤᠯᠢᠵᠢᠭᠰᠠᠨ ᠵᠠᠰᠠᠭ ᠤᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 15 ᠤ ᠡᠳᠦᠷ  ᠲᠠᠶᠢᠹᠤᠰᠧ ᠬᠤᠰᠢᠭᠤ ᠨᠢ 2023 ᠣᠨ ᠤ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠯ ᠡᠷᠭᠢᠯᠡᠪᠡ᠃  ᠡᠨᠡ ᠤᠳᠠᠭᠠᠨ ᠤ ᠪᠣᠯᠪᠠᠰᠤᠷᠠᠯ ᠳᠤ᠂ ᠪᠧᠢ ᠶᠤᠸᠠᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ  ᠬᠠᠤᠯᠢᠴᠢ ᠨᠢᠦ ᠲᠦᠩ ᠴᠢᠩ ᠢ ᠤᠷᠢᠵᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠠᠷᠭᠤ ᠶᠢᠨ ᠬᠠᠤᠯᠢ︾  ᠵᠡᠷᠭᠡ ᠠᠭᠤᠯᠭ᠎ᠠ ᠳᠤ ᠲᠠᠶᠢᠯᠤᠮᠵᠢ  ᠬᠢᠯᠭᠡᠭᠰᠡᠨ ᠪᠦᠭᠡᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠳᠡᠳ᠋ ᠳᠠᠷᠤᠭ᠎ᠠ ᠯᠢᠦ ᠶᠠ ᠯᠧᠦ   ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠴᠢᠨᠠᠭᠰᠢᠳᠠ ᠲᠦᠷᠢᠮᠵᠢᠬᠦᠯᠬᠦ ᠲᠤᠬᠠᠢ ᠰᠠᠨᠠᠯ︾ ︵2022 — 7 — 29︶ ᠤᠨ  ᠬᠠᠮᠢᠶ᠎ᠠ ᠪᠦᠬᠦᠢ ᠠᠭᠤᠯᠭ᠎ᠠ ᠳᠤ  ᠲᠠᠶᠢᠯᠤᠮᠵᠢ ᠬᠢᠵᠡᠢ᠃ ᠪᠣᠯᠪᠠᠰᠤᠷᠠᠯ  ᠢᠶᠠᠷ ᠲᠠᠮᠵᠢᠭᠠᠳ᠂ ᠬᠠᠤᠯᠢ ᠬᠡᠷᠡᠭᠵᠢᠭᠦᠯᠬᠦ ᠠᠵᠢᠯᠳᠠᠳ ᠤᠨ ᠬᠠᠤᠯᠢ ᠲᠦᠷᠢᠮ ᠤᠨ ᠮᠡᠳᠡᠯᠭᠡ ᠶᠢ ᠨᠡᠮᠡᠭᠳᠡᠬᠦᠯᠵᠦ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠲᠦᠷᠢᠮᠵᠢᠬᠦᠯᠦᠨ᠂ ᠣᠨᠣᠯ ᠤᠨ ᠬᠡᠪ ᠪᠣᠯᠪᠠᠰᠤᠷᠠᠯ ᠪᠠ ᠠᠵᠢᠯ ᠤᠨ ᠬᠢᠷᠢ ᠴᠢᠳᠠᠪᠤᠷᠢ ᠶᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠴᠢᠩᠭᠠᠳᠬᠠᠭᠰᠠᠨ ᠪᠠᠶᠢᠨ᠎ᠠ᠃ ᠪᠣᠯᠪᠠᠰᠤᠷᠠᠯ ᠳᠤ ᠣᠷᠣᠯᠴᠠᠭᠰᠠᠳ ᠢᠯᠡᠷᠭᠡᠶᠢᠯᠡᠬᠦ ᠳᠡᠭᠡᠨ᠂ ᠲᠤᠬᠠᠶᠢᠯᠠᠭᠰᠠᠨ ᠠᠵᠢᠯ ᠤᠨ ᠬᠢᠷᠢ ᠴᠢᠳᠠᠪᠤᠷᠢ ᠪᠠᠨ ᠳᠡᠭᠡᠭᠰᠢᠯᠡᠭᠦᠯᠵᠦ᠂  ᠬᠠᠤᠯᠢᠵᠢᠭᠰᠠᠨ ᠵᠠᠰᠠᠭ ᠤᠨ ᠪᠠᠶᠢᠭᠤᠯᠤᠯᠲᠠ ᠶᠢ ᠠᠬᠢᠭᠤᠯᠬᠤ᠂ ᠡᠶ᠎ᠡ ᠵᠣᠬᠢᠴᠠᠯ ᠲᠠᠢ ᠠᠮᠤᠷ ᠠᠮᠤᠭᠤᠯᠠᠩ ᠲᠠᠶᠢᠹᠤᠰᠧ ᠬᠤᠰᠢᠭᠤ ᠶᠢ ᠪᠠᠶᠢᠭᠤᠯᠬᠤ ᠳᠤ   ᠦᠪᠡᠷ ᠦᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ ᠬᠡᠵᠡᠭᠡᠪᠡ᠃ ᠪᠥᠬᠦ ᠬᠤᠰᠢᠭᠤᠨ ᠤ 37 ᠬᠠᠤᠯᠢ ᠬᠡᠷᠡᠭᠵᠢᠭᠦᠯᠬᠦ ᠨᠢᠭᠡᠴᠡ  ᠪᠠ 7 ᠰᠤᠮᠤ ᠰᠢᠶᠠᠩ ᠪᠠᠯᠭᠠᠰᠤᠨ ᠤ 187 ᠨᠡᠷ᠎ᠡ ᠬᠠᠤᠯᠢ ᠬᠡᠷᠡᠭᠵᠢᠭᠦᠯᠬᠦ ᠠᠵᠢᠯᠲᠠᠨ ᠡᠨᠡ  ᠤᠳᠠᠭᠠᠨ ᠤ ᠪᠣᠯᠪᠠᠰᠤᠷᠠᠯ ᠳᠤ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号