ᠲᠠᠶᠢᠹᠤᠰᠧ ᠬᠤᠰᠢᠭᠤ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/3/17
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠲᠦᠷᠢᠮᠵᠢᠬᠦᠯᠬᠦ ᠶᠢᠨ ᠲᠥᠯᠥᠭᠡ᠂ 3 ᠰᠠᠷ᠎ᠠ ᠶᠢᠨ 16 ᠤ ᠡᠳᠦᠷ ᠲᠠᠶᠢᠹᠤᠰᠧ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠠᠮᠲᠤᠷᠠᠨ  ᠂ ᠡᠮᠨᠡᠯᠭᠡ ᠶᠢᠨ  ᠪᠠᠶᠢᠭᠤᠯᠤᠮᠵᠢ ᠶᠢᠨ ᠬᠠᠤᠯᠢ ᠶᠣᠰᠣᠭᠠᠷ ᠠᠵᠢᠯ ᠡᠷᠭᠢᠯᠡᠬᠦ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠤᠬᠠᠢ ᠪᠣᠯᠪᠠᠰᠤᠷᠠᠯ ᠡᠷᠬᠢᠯᠡᠵᠡᠢ᠃ ᠬᠢᠴᠢᠶᠡᠯᠯᠡᠭᠴᠢ ᠪᠠᠭᠰᠢ ᠨᠠᠷ ᠠᠴᠠ ᠭᠤᠣᠯᠳᠠᠯᠭ᠎ᠠ ᠶᠢ ᠲᠣᠪᠤᠶᠢᠯᠭᠠᠨ᠂  ᠪᠤᠳᠠᠳᠤ ᠬᠡᠷᠡᠭ ᠢᠶᠠᠷ ᠵᠢᠱᠢᠶ᠎ᠡ ᠲᠠᠳᠠᠵᠤ᠂ ᠡᠮᠨᠡᠯᠭᠡ ᠶᠢᠨ ᠪᠠᠶᠢᠭᠤᠯᠤᠮᠵᠢ ᠶᠢᠨ ᠬᠠᠤᠯᠢ ᠶᠣᠰᠣᠭᠠᠷ ᠠᠵᠢᠯ ᠡᠷᠭᠢᠯᠡᠬᠦ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠤᠬᠠᠢ ᠲᠠᠶᠢᠯᠤᠮᠵᠢ ᠬᠢᠬᠦ ᠪᠠᠷ  ᠲᠠᠮᠵᠢᠭᠠᠳ ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ ᠤ ᠬᠠᠤᠯᠢ ᠶᠢᠨ ᠦᠵᠡᠯ ᠤᠬᠠᠮᠰᠠᠷ ᠪᠠ ᠲᠤᠬᠠᠶᠢᠯᠠᠭᠰᠠᠨ ᠠᠵᠢᠯ ᠤᠨ ᠬᠢᠷᠢ ᠴᠢᠳᠠᠪᠤᠷᠢ ᠶᠢ ᠳᠡᠭᠡᠭᠰᠢᠯᠡᠭᠦᠯᠵᠦ᠂  ᠠᠵᠢᠯ ᠬᠢᠵᠦ ᠦᠢᠯᠡᠰ ᠪᠦᠳᠦᠬᠡᠬᠦ ᠢᠳᠡᠪᠬᠢᠵᠢᠯ ᠢ ᠨᠢ ᠲᠠᠶᠢᠴᠢᠯᠠᠨ᠂ ᠲᠤᠰᠬᠠᠶᠢᠵᠢᠭᠰᠠᠨ᠂ ᠮᠡᠷᠭᠡᠵᠢᠭᠰᠡᠨ᠂ ᠲᠦᠷᠢᠮᠵᠢᠭᠰᠡᠨ ᠡᠩᠨᠡᠭᠡ ᠶᠢ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠪᠥᠬᠦ ᠬᠤᠰᠢᠭᠤᠨ ᠤ ᠡᠯ᠎ᠡ ᠱᠠᠲᠤᠨ ᠤ  ᠡᠮᠨᠡᠯᠭᠡ ᠶᠢᠨ  ᠪᠠᠶᠢᠭᠤᠯᠤᠮᠵᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠭᠤᠣᠯ ᠬᠠᠷᠢᠭᠤᠴᠠᠯᠭᠠᠲᠠᠨ᠂  ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯᠲᠠᠨ᠂ ᠣᠯᠠᠨ ᠨᠡᠶᠢᠲᠡ ᠶᠢᠨ ᠲᠠᠯᠠᠪᠤᠷ ᠤᠨ ᠭᠤᠣᠯ ᠬᠠᠷᠢᠭᠤᠴᠠᠯᠭᠠᠲᠠᠨ ᠪᠣᠯᠪᠠᠰᠤᠷᠠᠯ ᠳᠤ  ᠤᠷᠤᠯᠴᠠᠵᠠᠢ  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号