3 ᠰᠠᠷ᠎ᠠ ᠶᠢᠨ 14 ᠤ ᠡᠳᠦᠷ᠂ ᠲᠠᠶᠢᠹᠤᠰᠧ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ | ᠨᠡᠶᠢᠭᠡᠮᠯᠢᠭ᠂ ᠲᠠᠶᠢᠹᠤᠰᠧ ᠬᠤᠰᠢᠭᠤᠨ ᠤ ᠠᠬᠠᠮᠠᠳ ᠺᠠᠳ᠋ᠷᠴᠤᠳ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ | ᠢᠳᠡᠷ ᠥᠲᠡᠯᠦᠭᠡ ᠨᠠᠰᠤᠨ ᠤ ᠬᠦᠮᠦᠰ ᠤᠨ ᠬᠦᠵᠦᠷ ᠰᠢᠲᠠᠷ᠎ᠠ ᠶᠢᠨ ᠮᠡᠷᠭᠡᠵᠢᠯ ᠤᠨ ᠰᠣᠯᠢᠯᠴᠠᠭᠠᠨ ᠤ ᠠᠵᠢᠯᠯᠠᠭ᠎ᠠ | ᠬᠤᠰᠢᠭᠤᠨ ᠤ ᠠᠬᠠᠮᠠᠳ ᠺᠠᠳ᠋ᠷᠴᠤᠳ ᠤᠨ ᠬᠦᠳᠡᠯᠪᠦᠷᠢ ᠶᠢᠨ ᠲᠥᠪ ᠲᠤ ᠵᠢᠩᠬᠢᠨᠢ ᠪᠠᠷ ᠡᠬᠢᠯᠡᠪᠡ᠃ ᠡᠨᠡ | ᠤᠳᠠᠭᠠᠨ ᠤ ᠠᠵᠢᠯᠯᠠᠭ᠎ᠠ ᠳᠤ ᠬᠥᠵᠥᠷ᠂ ᠮᠠᠵᠢᠶᠠᠩ᠂ ᠮᠢᠭᠮᠠᠨ ᠰᠢᠳᠠᠷ᠎ᠠ ᠪᠠ ᠬᠢᠳᠠᠳ ᠰᠢᠲᠠᠷ᠎ᠠ ᠵᠡᠷᠭᠡ ᠳᠥᠷᠪᠡᠨ | ᠲᠦᠷᠦᠯ ᠤᠨ ᠤᠷᠤᠯᠳᠤᠭᠠᠨ ᠲᠤᠬᠢᠷᠠᠭᠤᠯᠵᠤ᠂ 140 ᠰᠢᠬᠠᠮ ᠬᠥᠮᠥᠰ ᠤᠷᠤᠯᠴᠠᠭᠰᠠᠨ ᠪᠠᠶᠢᠨ᠎ᠠ᠃ | ᠤᠷᠤᠯᠳᠤᠭᠠᠨ ᠳᠤ ᠤᠷᠤᠯᠴᠠᠭᠰᠠᠨ ᠢᠳᠡᠷᠴᠤᠳ ᠪᠠ ᠨᠠᠰᠤᠳᠠᠶᠢᠴᠤᠳ ᠬᠤᠷᠴᠠ ᠰᠢᠷᠦᠬᠦᠨ ᠮᠦᠷᠦᠶᠢᠴᠡᠬᠦ ᠶᠢᠨ | ᠲᠠᠭᠠᠤ ᠠᠷᠭ᠎ᠠ ᠲᠤᠷᠰᠢᠯᠭ᠎ᠠ ᠪᠠᠨ ᠰᠤᠯᠢᠯᠴᠠᠭᠠᠳ ᠠᠬᠤᠢ ᠲᠠᠯᠠᠪᠠᠶ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ | ᠭᠤᠷᠪᠠᠨ ᠡᠳᠦᠷ ᠤᠨ ᠮᠥᠷᠥᠶᠢᠴᠡᠭᠡᠨ ᠢᠶᠠᠷ ᠲᠠᠮᠵᠢᠭᠠᠳ ᠨᠢᠬᠡᠴᠡ ᠶᠢᠨ ᠱᠠᠩᠨᠠᠯ ᠪᠠ ᠬᠤᠪᠢ ᠬᠥᠮᠥᠨ ᠤ ᠱᠠᠩᠨᠠᠯ ᠢ | ᠲᠣᠭᠲᠠᠭᠠᠵᠤ᠂ 16 ᠤ ᠡᠳᠦᠷ ᠱᠠᠩᠨᠠᠯ ᠣᠯᠭᠤᠬᠤ ᠶᠣᠰᠣᠯᠠᠯ ᠶᠠᠪᠤᠭᠤᠯᠪᠠ᠃ ᠡᠨᠡ ᠤᠳᠠᠭᠠᠨ ᠤ ᠠᠵᠢᠯᠯᠠᠭ᠎ᠠ ᠶᠢ | ᠡᠷᠭᠢᠯᠡᠬᠦ ᠪᠠᠷ ᠲᠠᠮᠵᠢᠭᠠᠳ᠂ ᠨᠠᠩ ᠣᠯᠠᠨ ᠨᠠᠰᠤᠲᠠᠶᠢᠴᠤᠳ ᠢ ᠵᠢᠯᠤᠭᠤᠳᠴᠤ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠳᠤ ᠤᠷᠤᠯᠴᠠᠭᠤᠯᠤᠨ᠂ ᠡᠷᠡᠭᠦᠯ ᠥᠭᠡᠳᠡᠷᠬᠡᠭ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠤᠯᠭᠠᠵᠤ᠂ ᠢᠳᠡᠷ | ᠥᠲᠡᠯᠦᠭᠡ ᠨᠠᠰᠤᠨ ᠤ ᠬᠥᠮᠥᠰ ᠤᠨ ᠬᠤᠭᠤᠷᠣᠨᠳᠣᠬᠢ ᠨᠡᠪᠲᠡᠷᠡᠯᠴᠡᠭᠡ ᠪᠠ ᠰᠣᠯᠢᠯᠴᠠᠭ᠎ᠠ ᠶᠢ ᠴᠢᠩᠭᠠᠳᠬᠠᠨ᠂ | ᠰᠤᠶᠤᠯ ᠣᠶᠤᠨ ᠤ ᠠᠮᠢᠳᠤᠷᠠᠯ ᠢ ᠨᠢ ᠪᠠᠶᠠᠯᠢᠭᠵᠢᠭᠤᠯᠤᠨ᠂ ᠨᠠᠰᠤᠲᠠᠶᠢᠴᠤᠳ ᠤᠨ ᠡᠷᠡᠭᠦᠯ ᠮᠡᠨᠳᠦ ᠪᠠᠶᠠᠷ ᠵᠢᠷᠭᠠᠯ ᠲᠠᠢ | ᠥᠲᠡᠯᠦᠭᠡ ᠨᠠᠰᠤ ᠪᠠᠨ ᠦᠩᠭᠡᠷᠡᠭᠡᠬᠦ ᠳᠤ ᠲᠤᠰᠠ ᠨᠡᠮᠡᠷᠢᠯᠡᠭᠰᠡᠨ ᠪᠠᠶᠢᠨ᠎ᠠ᠃ |