ᠸᠠᠩ ᠳ᠋ᠦᠩ ᠵᠡᠷᠭᠡ ᠬᠦᠮᠦᠰ ᠶᠦᠩ ᠹᠧᠩ ᠪᠠᠯᠭᠠᠰᠤᠨ ᠳᠤ ᠠᠵᠢᠯ ᠪᠠᠶᠢᠴᠠᠭᠠᠭᠰᠠᠨ
ᠨᠡᠶᠢᠲᠡᠯᠡᠭᠰᠡᠨ ᠴᠠᠭ᠄
2023/3/17
    3 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠸᠠᠩ ᠳ᠋ᠦᠩ ᠵᠡᠷᠭᠡ ᠬᠦᠮᠦᠰ ᠶᠦᠩ ᠹᠧᠩ ᠪᠠᠯᠭᠠᠰᠤᠨ ᠳᠤ ᠬᠦᠨᠵᠡᠬᠡᠶᠢᠷᠡᠵᠦ᠂ ᠠᠶᠢᠮᠠᠭ ᠤᠨ ᠲᠠᠰ ᠤᠨ  ᠪᠠᠷᠢᠮᠵᠢᠶᠠᠳᠤ ︽ᠲᠠᠪᠤᠨ ᠰᠢᠯᠢᠳᠡᠭ︾ ᠰᠤᠮᠤ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ ᠰᠢᠯᠭᠠᠨ ᠪᠠᠶᠢᠴᠠᠭᠠᠵᠠᠢ᠃  ᠰᠢᠯᠭᠠᠨ ᠪᠠᠶᠢᠴᠠᠭᠠᠬᠤ ᠳᠤᠭᠤᠶᠢᠯᠠᠩ ᠤᠨ ᠬᠢᠨ  ᠶᠦᠩ ᠹᠧᠩ ᠪᠠᠯᠭᠠᠰᠤᠨ ᠤ ︽ᠲᠠᠪᠤᠨ ᠰᠢᠯᠢᠳᠡᠭ ︾ ᠰᠤᠮᠤ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠰᠠᠭᠤᠷᠢᠨ ᠭᠠᠵᠠᠷ ᠤᠨ ᠬᠠᠲᠠᠭᠤ ᠵᠥᠭᠡᠯᠡᠨ ᠲᠤᠨᠤᠭ ᠤᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠦᠵᠡᠭᠰᠡᠨ ᠪᠦᠭᠡᠳ ᠪᠠᠯᠭᠠᠰᠤᠨ ᠤ  ᠤᠳᠤᠷᠢᠳᠬᠤ ᠪᠠᠭ ᠤᠨ ᠭᠡᠰᠢᠬᠦᠳ  ᠲᠠᠢ ᠶᠠᠷᠢᠯᠴᠠᠬᠤ ᠬᠤᠷᠠᠯ ᠬᠢᠪᠡ᠃ ᠬᠤᠷᠠᠯ ᠳᠡᠭᠡᠷ᠎ᠡ᠂ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠵᠠᠩ ᠶᠦᠩ ᠯᠢ ᠠᠴᠠ ᠤᠯᠤᠰ ᠲᠥᠷᠥ᠂ ᠵᠣᠬᠢᠶᠠᠨ ᠪᠠᠶᠢᠭᠤᠯᠤᠯᠲᠠ᠂ ᠦᠢᠯᠡᠴᠢᠯᠡᠭᠡ᠂ ᠵᠠᠰᠠᠯᠲᠠ᠂ ᠬᠥᠭᠵᠢᠯᠲᠡ ᠵᠡᠷᠭᠡ 5 ᠶᠡᠭᠡ ᠡᠭᠦᠳᠦᠨ ᠪᠠᠶᠢᠭᠤᠯᠬᠤ ᠪᠠᠷᠢᠮᠵᠢᠶ᠎ᠠ ᠶᠢᠨ ᠲᠣᠭᠤᠷᠢᠨ ᠳᠤ᠂  ᠡᠭᠦᠳᠦᠨ ᠪᠠᠶᠢᠭᠤᠯᠬᠤ ᠠᠵᠢᠯ ᠤᠨ ᠠᠬᠢᠴᠠ ᠪᠣᠯᠣᠨ 2023 ᠣᠨ ᠤ ᠠᠵᠢᠯ ᠤᠨ ᠪᠠᠶᠢᠷᠢᠯᠠᠭᠤᠯᠤᠯᠳᠠ ᠪᠠᠨ ᠬᠠᠷᠢᠭᠤ  ᠮᠡᠳᠡᠬᠦᠯᠵᠦ᠂ ᠤᠳᠤᠷᠢᠳᠬᠤ ᠪᠠᠭ ᠤᠨ ᠭᠡᠰᠢᠬᠦᠳ ᠲᠣᠰ ᠲᠣᠰ ᠤᠨ  ᠬᠤᠪᠢᠳᠠᠨ ᠬᠠᠮᠢᠶᠠᠷᠴᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠠᠷᠠᠭᠠᠴᠢ ᠶᠢᠨ ᠠᠯᠬᠤᠮ ᠤᠨ  ᠠᠷᠭ᠎ᠠ ᠲᠦᠰᠦᠪ ᠤᠨ ᠲᠤᠬᠠᠢ ᠬᠠᠷᠢᠭᠤ ᠮᠡᠳᠡᠭᠦᠯᠦᠯᠲᠡ ᠬᠢᠭᠰᠡᠨ ᠪᠦᠭᠡᠳ ᠪᠠᠯᠭᠠᠰᠤᠨ ᠤ ᠪᠣᠳᠠᠲᠤ ᠪᠠᠶᠢᠳᠠᠯ᠂ ᠬᠥᠭᠵᠢᠯᠲᠡ ᠶᠢᠨ ᠪᠣᠳᠠᠲᠤ ᠪᠠᠶᠢᠳᠠᠯ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ᠂ ᠪᠡᠯᠡᠳᠬᠡᠯ ᠺᠠᠳ᠋ᠷ ᠤᠨ ᠡᠩᠨᠡᠭᠡ ᠶᠢ ᠰᠢᠯᠢᠳᠡᠭᠵᠢᠭᠦᠯᠬᠦ᠂  ᠲᠤᠰᠬᠤᠨ ᠤ ᠺᠠᠳ᠋ᠷ ᠤᠨ ᠡᠩᠨᠡᠭᠡ ᠶᠢ ᠬᠦᠴᠦᠷᠭᠡᠭᠵᠢᠬᠦᠯᠬᠦ᠂   ᠨᠠᠮ ᠤᠨ ᠭᠡᠰᠢᠭᠦᠨ ᠭᠤᠤᠯᠯᠠᠭᠴᠢ ᠡᠷᠦᠬᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ᠂ ᠬᠠᠪᠰᠤᠷᠤᠨ ᠬᠦᠢᠴᠡᠳᠭᠡᠬᠦ ᠣᠷᠣᠯᠠᠨ ᠭᠦᠢᠴᠡᠳᠬᠡᠬᠦ ᠠᠯᠬᠤᠮ ᠶᠠᠪᠤᠴᠠ ᠶᠢ ᠲᠦᠷᠢᠮᠵᠢᠬᠦᠯᠬᠦ  ᠵᠡᠷᠭᠡ  ᠡᠬᠦᠳᠦᠨ ᠪᠠᠶᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠪᠣᠳᠠᠲᠠᠢ ᠠᠰᠠᠭᠤᠳᠠᠯ ᠤᠨ ᠲᠤᠬᠠᠢ ᠰᠢᠯᠭᠠᠨ ᠪᠠᠶᠢᠴᠠᠭᠠᠬᠤ ᠳᠤᠭᠤᠶᠢᠯᠠᠩ ᠲᠠᠢ ᠰᠠᠨᠠᠯ ᠢᠶᠠᠨ ᠰᠣᠯᠢᠯᠴᠠᠪᠠ᠃  ᠸᠠᠩ ᠳ᠋ᠦᠩ ᠠᠴᠠ ᠡᠭᠦᠳᠦᠨ ᠪᠠᠶᠢᠭᠤᠯᠬᠤ ᠠᠵᠢᠯ ᠢ ᠤᠯᠠᠮ ᠰᠠᠶᠢᠨ ᠬᠢᠬᠦ ᠲᠤᠬᠠᠢ ᠪᠣᠳᠠᠲᠠᠢ ᠰᠠᠨᠠᠭᠤᠯᠭ᠎ᠠ ᠪᠠ ᠱᠠᠭᠠᠷᠳᠠᠯᠭ᠎ᠠ ᠲᠤᠷᠠᠳᠴᠠᠢ᠃  ᠲᠤᠬᠠᠶᠢᠯᠠᠪᠠᠯ᠂  ︽ᠲᠠᠪᠤᠨ ᠰᠢᠯᠢᠳᠡᠭ︾ ᠰᠤᠮᠤ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠪᠣᠯ ᠨᠢᠭᠡ ᠲᠦᠷᠦᠯ ᠤᠨ  ᠶᠡᠷᠦᠩᠬᠡᠶᠢᠯᠡᠭᠰᠡᠨ ᠴᠢᠨᠠᠷᠲᠠᠢ᠂ ᠪᠥᠬᠦ ᠲᠠᠯ᠎ᠠ ᠶᠢᠨ ᠴᠢᠨᠠᠷᠲᠠᠢ ᠠᠵᠢᠯ ᠪᠤᠯᠬᠤᠷ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠷᠭᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠭᠦᠳᠦᠨ ᠪᠠᠶᠢᠭᠤᠯᠬᠤ ︽ᠵᠠᠩᠭᠢᠯᠠᠭ᠎ᠠ︾ ᠶᠢ ᠦᠷᠭᠦᠯᠵᠢᠯᠡᠨ ᠴᠢᠩᠭ᠎ᠠ ᠠᠳᠬᠤᠵᠤ  ᠂ ᠡᠯ᠎ᠡ ᠲᠦᠷᠦᠯ ᠤᠨ ᠠᠵᠢᠯ ᠢ  ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠠᠰᠠᠭᠤᠳᠠᠯ ᠢ ᠴᠠᠭ ᠲᠤᠬᠠᠢ ᠳᠤᠨᠢ ᠢᠯᠡᠷᠡᠬᠦᠯᠦᠨ᠂  ᠠᠮᠵᠢᠯᠳᠠ ᠲᠤᠷᠰᠢᠯᠭ᠎ᠠ ᠪᠠᠨ ᠳ᠋ᠦᠩᠨᠡᠵᠦ᠂ ᠡᠭᠦᠳᠦᠨ ᠪᠠᠶᠢᠭᠤᠯᠬᠤ ᠡᠬᠦᠷᠭᠡ ᠬᠠᠷᠠᠯᠳᠠ ᠲᠠᠢ ᠬᠠᠷᠢᠴᠠᠭᠤᠯᠤᠨ᠂  ᠤᠯᠤᠰ ᠲᠦᠷᠦ᠂ ᠵᠣᠬᠢᠶᠠᠨ ᠪᠠᠶᠢᠭᠤᠯᠤᠯᠲᠠ᠂ ᠦᠢᠯᠡᠴᠢᠯᠡᠭᠡ᠂ ᠵᠠᠰᠠᠯᠲᠠ᠂ ᠬᠥᠭᠵᠢᠯᠲᠡ ᠵᠡᠷᠭᠡ 5 ᠪᠠᠷᠢᠮᠵᠢᠶᠠᠨ ᠤ ᠠᠭᠤᠯᠭ᠎ᠠ ᠶᠢ ᠤᠯᠠᠮ ᠴᠢᠨᠠᠭᠰᠢᠳᠠ ᠨᠠᠷᠢᠯᠢᠭᠵᠢᠭᠤᠯᠤᠨ ᠪᠤᠳᠠᠳᠠᠶᠢᠵᠢᠭᠤᠯᠬᠤ ᠭᠡᠷᠡᠭᠳᠡᠢ᠃  ᠪᠠᠯᠭᠠᠰᠤᠨ ᠤ  ᠤᠳᠤᠷᠢᠳᠬᠤ ᠪᠠᠭ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠲᠣᠰᠬᠤᠨ ᠤ ︽ᠬᠤᠶᠠᠷ ᠵᠥᠪᠯᠡᠯ︾ ᠤᠨ ᠭᠡᠰᠢᠬᠦᠳ᠂ ᠪᠡᠯᠡᠳᠬᠡᠯ ᠺᠠᠳ᠋ᠷ  ᠂ ᠨᠠᠮ ᠤᠨ ᠭᠡᠰᠢᠭᠦᠨ ᠭᠤᠣᠯᠯᠠᠭᠴᠢ ᠡᠷᠦᠬᠡ   ᠶᠢᠨ ᠡᠩᠨᠡᠭᠡᠨ ᠤ  ᠪᠠᠶᠢᠭᠤᠯᠤᠯᠲᠠ ᠶᠢ ᠴᠢᠩᠭᠠᠳᠬᠠᠵᠤ᠂  ᠦᠢᠯᠡᠳᠦᠯ ᠢ ᠨᠢ ᠰᠠᠶᠢᠲᠤᠷ ᠪᠠᠳᠠᠷᠠᠭᠤᠯᠤᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂  ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠪᠤᠢ ᠪᠤᠯᠭᠠᠨ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠬᠥᠮᠥᠨ ᠪᠦᠬᠦᠨ ᠡᠭᠦᠳᠦᠨ ᠪᠠᠶᠢᠭᠤᠯᠬᠤ ᠶᠢ ᠠᠳᠬᠤᠬᠤ ᠰᠠᠶᠢᠨ ᠰᠠᠶᠢᠬᠠᠨ ᠠᠵᠢᠯ ᠤᠨ ᠲᠣᠭᠲᠠᠴᠠ ᠪᠠ ᠠᠵᠢᠯ ᠤᠨ ᠪᠠᠶᠢᠷᠢᠰᠢᠯ ᠢ  ᠪᠦᠷᠢᠯᠳᠦᠭᠦᠯᠬᠦ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号