ᠪᠤᠤᠴᠠᠩ  ᠪᠠᠯᠭᠠᠰᠤᠨ ᠤ ᠬᠢᠨ ᠬᠠᠤᠯᠢ ᠬᠡᠷᠡᠭᠵᠢᠭᠦᠯᠬᠦ ᠠᠵᠢᠯᠳᠠᠳ ᠲᠤ ᠦᠨᠡᠮᠯᠡᠯ ᠤᠯᠭᠤᠪᠠ
ᠨᠡᠶᠢᠲᠡᠯᠡᠭᠰᠡᠨ ᠴᠠᠭ᠄
2023/3/17
    ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠬᠠᠮᠢᠶᠠᠷᠤᠯᠲᠠ ᠶᠢ ᠤᠯᠠᠮ ᠴᠢᠩᠭᠠᠳᠬᠠᠵᠤ᠂ ︽ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ᠂ ᠦᠨᠡᠮᠯᠡᠯ ᠲᠠᠢ ᠪᠠᠷ ᠬᠠᠤᠯᠢ ᠬᠡᠷᠡᠭᠵᠢᠭᠦᠯᠬᠦ ︾ ᠳᠦᠷᠢᠮ ᠢ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠬᠢᠷᠢ ᠲᠦᠪᠰᠢᠨ ᠢ  ᠲᠡᠭᠡᠭᠰᠢᠯᠡᠬᠦᠯᠬᠦ ᠶᠢᠨ ᠲᠦᠯᠦᠭᠡ᠂  3 ᠰᠠᠷ᠎ᠠ ᠶᠢᠨ 16 ᠤ ᠡᠳᠦᠷ ᠪᠤᠤᠴᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠬᠠᠤᠯᠢ ᠬᠡᠷᠡᠭᠵᠢᠭᠦᠯᠬᠦ ᠦᠨᠡᠮᠯᠡᠯ ᠣᠯᠭᠤᠬᠤ ᠶᠣᠰᠣᠯᠠᠯ ᠶᠠᠪᠤᠭᠤᠯᠪᠠ᠃ ᠨᠠᠮ ᠤᠨ ᠬᠤᠷᠢᠶᠠᠨ ᠤ ᠳᠡᠳ᠋ ᠱᠦᠵᠢ᠂  ᠪᠠᠯᠭᠠᠰᠤᠨ ᠳᠠᠷᠤᠭ᠎ᠠ ᠽᠦᠸᠧ ᡁᠢ ᠭᠦᠸᠧ᠂ ᠨᠠᠮ ᠤᠨ ᠬᠤᠷᠢᠶᠠᠨ ᠤ ᠭᠡᠰᠢᠭᠦᠨ᠂ ᠳᠡᠳ᠋ ᠪᠠᠯᠭᠠᠰᠤᠨ ᠳᠠᠷᠤᠭ᠎ᠠ ᠯᠢᠦ ᡁᠢ ᠴᠢᠶᠠᠩ ᠵᠢᠴᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠲᠤᠪᠴᠢᠶᠠᠨ ᠤ ᠪᠥᠬᠦ ᠠᠵᠢᠯᠳᠠᠨ ᠶᠣᠰᠣᠯᠠᠯ ᠳᠤ  ᠤᠷᠤᠯᠴᠠᠵᠠᠢ᠃ ᠽᠦᠸᠧ ᡁᠢ ᠭᠦᠸᠧ ᠦᠨᠡᠮᠯᠡᠯ ᠠᠪᠤᠭᠰᠠᠨ ᠠᠵᠢᠯᠳᠠᠳ ᠲᠤ ᠪᠠᠶᠠᠷ  ᠬᠦᠷᠭᠡᠭᠰᠡᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯ ᠢ ᠬᠦᠨᠳᠦᠳᠭᠡᠨ ᠴᠢᠬᠤᠯᠠᠴᠢᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠦᠨᠳᠦᠷᠴᠡ ᠠᠴᠠ ᠡᠩᠨᠡᠭᠡᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠬᠠᠷᠢᠭᠤᠴᠠᠯᠭᠠᠲᠤ ᠰᠡᠳᠬᠢᠯᠭᠡ ᠶᠢ ᠦᠨᠡᠨ ᠬᠦ ᠴᠢᠩᠭᠠᠳᠬᠠᠬᠤ ᠬᠡᠷᠡᠭᠲᠡᠢ  ᠃ ᠬᠠᠤᠯᠢ ᠭᠡᠷᠡᠭᠵᠢᠬᠦᠯᠬᠦ ᠶᠢ ᠤᠯᠠᠮ ᠲᠦᠷᠢᠮᠵᠢᠬᠦᠯᠵᠦ᠂  ︽ᠬᠠᠤᠯᠢ  ᠪᠠᠷ ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ᠂ ᠬᠠᠤᠯᠢ ᠪᠠᠷ ᠡᠷᠬᠡ ᠣᠯᠭᠤᠭᠰᠠᠨ ᠪᠤᠯ ᠡᠷᠬᠡᠪᠰᠢ ᠬᠢᠬᠦ︾  ᠱᠠᠭᠠᠷᠳᠠᠯᠭ᠎ᠠ ᠶᠢ ᠢᠮᠠᠭᠲᠠ ᠪᠠᠲᠤ  ᠴᠡᠭᠡᠵᠢᠯᠡᠨ᠂   ᠬᠠᠤᠯᠢ ᠬᠡᠷᠡᠭᠵᠢᠭᠦᠯᠬᠦ ᠡᠩᠨᠡᠭᠡᠨ ᠤ  ᠲᠦᠷᠢᠮᠵᠢᠭᠰᠡᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ  ᠬᠢᠷᠢ  ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠠᠤᠯᠢ  ᠭᠡᠷᠡᠭᠵᠢᠬᠦᠯᠬᠦ ᠠᠵᠢᠯ ᠤᠨ ᠲᠤᠬᠠᠢ  ᠤᠯᠠᠨ ᠲᠦᠮᠡᠨ ᠤ  ᠤᠶᠢᠯᠠᠭᠠᠵᠤ ᠮᠡᠳᠡᠬᠦ ᠨᠤᠷᠮ᠎ᠠ ᠶᠢ ᠳᠠᠰᠤᠷᠠᠯᠳᠠ ᠦᠭᠡᠢ ᠲᠡᠭᠡᠭᠰᠢᠯᠡᠬᠦᠯᠦᠨ᠂ ᠤᠯᠠᠨ ᠲᠦᠮᠡᠨ ᠤ ᠬᠥᠳᠡᠭᠡ ᠲᠣᠰᠬᠤᠨ ᠤ ᠵᠠᠰᠠᠯᠲᠠ ᠳᠤ ᠣᠷᠤᠯᠴᠠᠬᠤ ᠤᠬᠠᠮᠰᠠᠷᠲᠤ ᠴᠢᠨᠠᠷ ᠢ ᠤᠯᠠᠮ ᠴᠢᠩᠭᠠᠳᠬᠠᠵᠤ᠂  ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ  ᠭᠡᠷᠡᠭᠵᠢᠬᠦᠯᠬᠦ ᠠᠵᠢᠯ ᠤᠨ ᠦᠷ᠎ᠡ ᠪᠦᠳᠦᠮᠵᠢ ᠶᠢ ᠦᠨᠡᠨᠬᠦ ᠠᠬᠢᠭᠤᠯᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃  ᠶᠤᠰᠤᠯᠠᠯ ᠲᠡᠭᠡᠷ᠎ᠡ᠂ ᠯᠢᠦ ᡁᠢ ᠴᠢᠶᠠᠩ ︽ᠪᠤᠤᠴᠠᠩ ᠪᠠᠯᠭᠠᠰᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠤᠪᠴᠠᠰᠤ ᠬᠤᠨᠠᠷ ᠤᠨ ᠬᠠᠮᠢᠶᠠᠷᠤᠯᠲᠠ ᠶᠢᠨ ᠲᠣᠭᠲᠠᠭᠠᠯ︾ ᠢ ᠤᠩᠰᠢᠨ ᠨᠡᠶᠢᠳᠡᠯᠡᠵᠡᠢ᠃  ᠽᠦᠸᠧ ᡁᠢ ᠭᠦᠸᠧ᠂  ᠯᠢᠦ ᡁᠢ ᠴᠢᠶᠠᠩ ᠠᠴᠠ ᠪᠥᠬᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠨ᠎ᠡ ᠦᠨᠡᠮᠯᠡᠯ︾ ᠢ ᠤᠯᠭᠤᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠲᠤᠪᠴᠢᠶᠠᠨ ᠤ ᠳᠠᠷᠤᠭ᠎ᠠ ᠰᠢᠦᠢ ᠪᠦᠦ ᠲᠦᠩ ᠦᠨᠡᠮᠯᠡᠯ ᠭᠠᠷᠳᠠᠭᠰᠠᠨ ᠠᠵᠢᠯᠳᠠᠳ ᠢ ᠳᠠᠭᠠᠭᠤᠯᠤᠨ ᠤᠯᠤᠰ ᠤᠨ ᠲᠤᠭ ᠤᠨ ᠡᠮᠦᠨ᠎ᠡ ᠲᠠᠩᠭᠠᠷᠢᠭ ᠬᠢᠪᠡ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号