ᠴᠢᠶᠠᠨ ᠶᠢᠨ ᠭᠧᠦ ᠪᠠᠯᠭᠠᠰᠤ  ︽ᠲᠤᠯᠠᠭᠠᠯᠠᠭ᠎ᠠ ᠶᠢᠨ ᠥᠭᠡᠷᠡᠴᠢᠯᠡᠯᠲᠡ︾ ᠶᠢᠨ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2023/3/17
   3 ᠰᠠᠷ᠎ᠠ ᠶᠢᠨ 15  ᠤ ᠡᠳᠦᠷ᠂ ᠴᠢᠶᠠᠨ ᠶᠢᠨ ᠭᠧᠦ ᠪᠠᠯᠭᠠᠰᠤ ︽ ᠲᠤᠯᠠᠭᠠᠯᠠᠭ᠎ᠠ ᠶᠢᠨ ᠦᠬᠡᠷᠡᠴᠢᠯᠡᠯᠳᠡ︾   ᠶᠢᠨ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠬᠢᠵᠦ᠂  ᠪᠠᠯᠭᠠᠰᠤᠨ ᠤ  ᠤᠳᠤᠷᠢᠳᠬᠤ ᠪᠠᠭ ᠤᠨ  ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠳᠠᠩᠰᠠ ᠮᠡᠳᠡᠭᠦᠯᠦᠭᠴᠢ  ᠨᠠᠷ ᠬᠤᠷᠠᠯ ᠳᠤ ᠣᠷᠣᠯᠴᠠᠪᠠ᠃ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠡᠵᠡᠩᠨᠡᠨ ᠪᠣᠷᠣᠯᠠᠭᠤᠯᠬᠤ ᠦᠢᠯᠡᠴᠢᠯᠡᠭᠡᠨ ᠤ ᠲᠠᠰᠤᠭ ᠤᠨ ᠡᠷᠬᠢᠯᠡᠭᠴᠢ ᠢᠦᠢ ᠵᠢᠶᠠᠨ ᠬᠠᠢ ᠠᠴᠠ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠤᠪᠴᠢᠶᠠᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠲᠦᠷᠦ ᠶᠢᠨ ᠪᠣᠳᠣᠯᠭ᠎ᠠ ᠳᠤ ᠨᠠᠷᠢᠨ ᠲᠠᠶᠢᠯᠤᠮᠵᠢ ᠬᠢᠵᠦ᠂ ᠲᠣᠰᠬᠤᠨ ᠤ ᠺᠠᠳ᠋ᠷᠴᠤᠳ ᠲᠤ ︽ ᠨᠡᠬᠦᠷᠡᠰᠦᠨ ᠤ ᠲᠤᠯᠠᠭᠠᠯᠠᠭ᠎ᠠ ᠶᠢ ᠴᠠᠬᠢᠯᠭᠠᠨ ᠲᠤᠯᠠᠭᠠᠯᠠᠭ᠎ᠠ ᠪᠣᠯᠭᠠᠨ ᠥᠭᠡᠷᠡᠴᠢᠯᠡᠬᠦ︾   ᠶᠢᠨ ᠠᠮᠤᠷ ᠲᠦᠪᠰᠢᠨ᠂ ᠳᠥᠭᠦᠮ ᠳᠥᠲᠡ᠂ ᠠᠷᠢᠭᠤᠨ ᠴᠡᠪᠡᠷ ᠵᠡᠷᠭᠡ ᠳᠠᠪᠠᠭᠤᠯᠢᠭ  ᠲᠠᠯ᠎ᠠ ᠶᠢ ᠲᠠᠨᠢᠯᠴᠠᠭᠤᠯᠤᠨ᠂ ᠨᠡᠭᠦᠷᠡᠰᠦ ᠪᠠᠷ ᠳᠤᠯᠠᠭᠠᠯᠠᠬᠤ ᠶᠢᠨ ᠬᠤᠣᠷ ᠬᠥᠨᠥᠭᠡᠯ᠂ ᠵᠠᠰᠠᠭ ᠤᠨ ᠣᠷᠳᠣᠨ ᠤ ᠨᠥᠬᠦᠪᠦᠷᠢ ᠤᠯᠭᠤᠬᠤ ᠲᠦᠷᠦ ᠶᠢᠨ ᠪᠣᠳᠣᠯᠭ᠎ᠠ ᠵᠡᠷᠭᠡ ᠠᠰᠠᠭᠤᠳᠠᠯ ᠳᠤ  ᠨᠠᠷᠢᠨ ᠨᠢᠮᠪᠠᠢ ᠲᠠᠶᠢᠯᠤᠮᠵᠢ ᠬᠢᠵᠡᠢ᠃ ᠬᠤᠷᠠᠯ ᠠᠴᠠ᠂ ︽ᠲᠤᠯᠠᠭᠠᠯᠠᠭ᠎ᠠ ᠶᠢᠨ ᠦᠬᠡᠷᠡᠴᠢᠯᠡᠯᠳᠡ︾   ᠶᠢᠨ ᠦᠷ᠎ᠡ ᠠᠰᠢᠭ ᠨᠢ ᠣᠷᠴᠢᠨ ᠲᠣᠭᠤᠷᠢᠨ ᠤ ᠬᠠᠮᠠᠭᠠᠯᠠᠯᠲᠠ ᠳᠤ ᠯᠡ ᠬᠢᠵᠠᠭᠠᠷᠯᠠᠭᠳᠠᠬᠤ ᠪᠢᠰᠢ᠂ ᠵᠠᠩᠭᠢᠯᠠᠭ᠎ᠠ ᠨᠢ ᠪᠠᠰᠠ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠠᠷᠠᠳ ᠤᠯᠠᠨ ᠤ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠬᠦ ᠳᠤ ᠪᠤᠢ᠃ ᠲᠦᠷᠦ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂  ᠠᠷᠠᠳ ᠤᠯᠠᠨ ᠢ ᠢᠳᠡᠪᠬᠢᠲᠡᠢ ᠪᠠᠷ  ᠲᠠᠶᠢᠴᠢᠯᠠᠨ ᠵᠢᠯᠤᠭᠤᠳᠴᠤ ᠪᠠᠶᠢᠭᠠᠳ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠬᠠᠮᠰᠠᠷ ᠢ ᠪᠤᠢ ᠪᠤᠯᠭᠠᠨ᠂ ᠲᠤᠯᠠᠭᠠᠯᠠᠭ᠎ᠠ ᠶᠢᠨ ᠠᠰᠠᠭᠤᠳᠠᠯ ᠢ ᠰᠡᠳᠬᠢᠯ  ᠲᠠᠯᠪᠢᠵᠤ ᠬᠦᠴᠦ  ᠤᠷᠤᠭᠤᠯᠤᠨ ᠰᠠᠶᠢᠳᠤᠷ ᠰᠢᠢᠳᠪᠦᠷᠢᠯᠡᠵᠦ᠂ ᠠᠭᠠᠷ ᠲᠡᠭᠷᠢ ᠨᠢ ᠴᠡᠪᠡᠷ ᠲᠤᠩᠭᠠᠯᠠᠭ᠂ ᠣᠷᠴᠢᠨ ᠲᠣᠭᠤᠷᠢᠨ ᠨᠢ ᠭᠤᠶᠢᠳᠠ ᠰᠠᠶᠢᠬᠠᠨ᠂  ᠣᠷᠣᠰᠢᠨ ᠰᠠᠭᠤᠬᠤ ᠳᠤ ᠲᠠᠭᠠᠯᠢᠭ ᠲᠣᠬᠢᠷᠠᠮᠵᠢᠲᠠᠢ ᠭᠡᠷ ᠣᠷᠣᠨ ᠢ  ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号