ᠴᠢᠶᠠᠨ ᠶᠢᠨ ᠭᠧᠦ ᠪᠠᠯᠭᠠᠰᠤ ᠭᠤᠣᠯᠳᠠᠯᠭ᠎ᠠ ᠲᠠᠢ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/17
  3 ᠰᠠᠷ᠎ᠠ ᠶᠢᠨ 15  ᠤ ᠡᠳᠦᠷ᠂ ᠴᠢᠶᠠᠨ ᠶᠢᠨ ᠭᠧᠦ ᠪᠠᠯᠭᠠᠰᠤ ᠭᠤᠣᠯᠳᠠᠯᠭ᠎ᠠ ᠲᠠᠢ ᠠᠵᠢᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠠᠵᠢᠯᠯᠠᠬᠤ ᠠᠩᠬᠢ ᠶᠢᠨ ᠭᠡᠰᠢᠭᠦᠳ᠂ ᠲᠣᠰᠬᠤᠨ ᠤ ᠨᠠᠮ ᠤᠨ ᠡᠭᠦᠷ ᠤᠨ ᠱᠦᠵᠢ᠂ ᠳᠠᠩᠰᠠ ᠮᠡᠳᠡᠭᠦᠯᠦᠭᠴᠢ ᠨᠠᠷ ᠬᠤᠷᠠᠯ ᠳᠤ ᠣᠷᠣᠯᠴᠠᠪᠠ᠃ ᠬᠤᠷᠠᠯ  ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂  ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ  ᠨᠢᠭᠡᠳᠭᠡᠨ᠂ ᠪᠥᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠬᠤ ᠬᠡᠷᠡᠭᠲᠡᠢ᠃ ᠲᠦᠷᠦᠯ ᠵᠦᠢᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠡᠵᠡᠮᠳᠡᠨ᠂  ᠪᠠᠳᠤᠯᠠᠭᠠᠨ ᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠪᠣᠳᠠᠲᠠᠢ ᠠᠰᠠᠭᠤᠳᠠᠯ ᠢ  ᠰᠢᠢᠳᠪᠦᠷᠢᠯᠡᠨ᠂ ᠭᠠᠯᠲᠤ ᠲᠡᠷᠭᠡᠨ ᠤ ᠦᠷᠳᠡᠭᠡ᠂ ᠲᠦᠮᠦᠰᠦ ᠬᠠᠳᠠᠭᠠᠯᠠᠬᠤ ᠵᠤᠭᠤᠷᠢ ᠵᠡᠷᠭᠡ ᠭᠤᠣᠯᠳᠠᠯᠭ᠎ᠠ ᠲᠠᠢ ᠲᠦᠷᠦᠯ ᠵᠦᠢᠯ   ᠤᠨ ᠲᠦᠷᠭᠡᠨ  ᠪᠠᠶᠢᠭᠤᠯᠤᠭᠳᠠᠵᠤ ᠠᠰᠢᠭᠯᠠᠯᠲᠠ ᠳᠤ ᠤᠷᠤᠬᠤ ᠶᠢ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠴᠢᠬᠤᠯᠠᠴᠢᠯᠠᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠴᠢᠬᠤᠯᠠ ᠴᠠᠭ ᠬᠤᠭᠤᠴᠠᠭ᠎ᠠ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠲᠦᠪᠯᠡᠷᠡᠬᠦᠯᠦᠨ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ  ᠪᠠᠨ ᠴᠢᠩᠭᠠᠳᠬᠠᠵᠤ᠂ ᠡᠯ᠎ᠡ ᠲᠦᠷᠦᠯ ᠤᠨ ᠤᠰᠤᠯ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠠᠷᠠᠯᠵᠢᠶᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠣᠰᠬᠤᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠪᠡᠶᠡᠴᠢ ᠴᠢᠳᠠᠮᠠᠭᠠᠢ ᠴᠢᠨᠠᠷ ᠢ ᠪᠠᠳᠠᠷᠠᠭᠤᠯᠵᠤ᠂ ᠠᠷᠠᠯᠵᠢᠶᠠᠴᠢᠨ ᠤᠷᠢᠬᠤ ᠠᠵᠠ ᠲᠣᠬᠢᠶᠠᠯ ᠢ ᠡᠵᠡᠮᠳᠡᠨ᠂ ᠬᠠᠮᠲᠤᠷᠠᠯᠴᠠᠨ ᠤᠷᠢᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂  ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ  ᠰᠢᠯᠢᠳᠡᠭᠵᠢᠬᠦᠯᠦᠨ᠂ ᠲᠤᠰ ᠪᠡᠶ᠎ᠡ ᠶᠢᠨ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠲᠦᠷᠢᠮᠵᠢᠵᠦ ᠪᠠᠷᠢᠮᠵᠢᠶᠠᠵᠢᠭᠰᠠᠨ ᠦᠢᠯᠡᠴᠢᠯᠡᠭᠡᠨ ᠤ ᠶᠠᠪᠤᠴᠠ ᠶᠢ ᠲᠡᠬᠦᠯᠳᠡᠷᠵᠢᠬᠦᠯᠦᠨ᠂ ᠤᠯᠠᠨ ᠲᠦᠮᠡᠨ ᠳᠤ ᠨᠡᠩ  ᠨᠠᠷᠢᠯᠢᠭ ᠣᠨᠣᠪᠴᠢᠲᠠᠢ᠂ ᠨᠡᠩ ᠲᠦᠬᠦᠮ ᠲᠦᠳᠡ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠢ᠃ ᠡᠮᠨᠡᠯᠭᠡ ᠶᠢᠨ ᠳᠠᠭᠠᠳᠬᠠᠯ ᠤᠨ ᠬᠤᠷᠢᠶᠠᠵᠤ ᠲᠤᠰᠢᠶᠠᠬᠤ  ᠠᠵᠢᠯ ᠢ ᠠᠬᠢᠭᠤᠯᠵᠤ᠂ ᠡᠮᠨᠡᠯᠭᠡ ᠶᠢᠨ ᠳᠠᠭᠠᠳᠬᠠᠯ ᠤᠨ ᠤᠬᠠᠭᠤᠯᠭ᠎ᠠ ᠶᠢᠨ ᠠᠵᠢᠯ ᠢ  ᠴᠢᠩᠭᠠᠳᠬᠠᠨ᠂ ᠪᠥᠬᠦ ᠠᠷᠠᠳ ᠤᠨ ᠳᠠᠭᠠᠳᠬᠠᠯ ᠳᠤ ᠣᠷᠤᠯᠴᠠᠬᠤ ᠶᠢ ᠬᠥᠲᠥᠯᠥᠨ ᠵᠢᠯᠤᠭᠤᠳᠴᠤ᠂ ᠳᠠᠭᠠᠳᠬᠠᠯ ᠳᠤ ᠣᠷᠣᠯᠴᠠᠭᠰᠠᠨ ᠦᠭᠡᠢ  ᠬᠦᠮᠦᠰ ᠤᠨ ᠪᠠᠶᠢᠳᠠᠯ ᠳᠤ ᠴᠢᠭᠯᠡᠭᠦᠯᠦᠨ᠂ ᠲᠥᠷᠥᠯ ᠬᠤᠪᠢᠶᠠᠨ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ︽ᠤᠷᠤᠬᠤ ᠶᠣᠰᠣᠲᠠᠢ ᠶᠢ  ᠪᠦᠬᠦᠨ ᠢ  ᠤᠷᠤᠭᠤᠯᠵᠤ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ︾ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ  ᠃ ᠪᠣᠯᠪᠠᠰᠤᠨ ᠤ ᠦᠢᠯᠡᠳᠦᠯᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ  ᠢ ᠨᠡᠶᠢᠳᠭᠡᠨ᠂ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠵᠦ᠂ ᠤᠨᠢᠨ ᠳᠡᠭᠡᠷ᠎ᠡ ᠨᠢ ᠦᠢᠯᠡᠴᠢᠯᠡᠨ᠂ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠲᠡᠰ ᠳᠡᠪᠰᠢᠬᠦ ᠶᠢ ᠲᠠᠰᠤᠷᠠᠯᠳᠡ ᠦᠭᠡᠢ ᠠᠬᠢᠭᠤᠯᠬᠤ ᠬᠡᠷᠡᠭᠲᠡᠢ᠃ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠬᠦᠳᠡᠭᠡ ᠲᠣᠰᠬᠤᠨ ᠤ ᠳᠦᠷᠰᠦ ᠪᠠᠶᠢᠳᠠᠯ ᠤᠨ ᠰᠠᠶᠢᠵᠢᠷᠠᠯᠳᠠ ᠶᠢ ᠠᠬᠢᠭᠤᠯᠤᠨ᠂ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠳᠠ ᠶᠢᠨ ᠲᠣᠭᠲᠠᠴᠠ ᠶᠢ ᠪᠦᠷᠢᠨᠰᠢᠭᠦᠯᠵᠦ᠂  ᠬᠦᠳᠡᠭᠡ ᠲᠤᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠤᠯᠠᠨ ᠲᠦᠮᠡᠨ ᠳᠤ ᠴᠡᠪᠡᠷ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ   ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号