︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/3/18
      ᠨᠢᠭᠡ᠂ ᠨᠡᠶᠢᠲᠡᠯᠡᠭᠰᠡᠨ ᠠᠬᠤᠢ ᠪᠠᠶᠢᠳᠠᠯ      ︽ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠤᠭᠤᠳᠬᠤ ᠰᠠᠨᠠᠯ︾ ︵ᠥᠪᠥᠷ ᠨᠠᠮ ᠲᠠᠷᠬᠠᠭᠠᠭᠰᠠᠨ ﹇2022﹈ 18 ᠳ᠋ᠤᠭᠠᠷ ᠲᠣᠭᠠᠲᠤ︶ ︵ᠳᠣᠷᠣᠭᠰᠢ ︽ᠵᠢᠯᠤᠭᠤᠳᠬᠤ ᠰᠠᠨᠠᠯ︾ ᠭᠡᠵᠦ ᠲᠣᠪᠴᠢᠯᠠᠨ᠎ᠠ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠲᠠᠷᠬᠠᠭᠠᠭᠰᠠᠨ ﹇2022﹈ 21 ᠳ᠋ᠦ᠋ᠭᠡᠷ ᠲᠣᠭᠠᠲᠤ︶ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠬᠡᠷᠡᠭᠵᠢᠭᠦᠯᠬᠦ ᠲᠥᠰᠥᠯ︾ ᠪᠣᠯᠣᠨ ︽ᠵᠢᠯᠤᠭᠤᠳᠬᠤ ᠰᠠᠨᠠᠯ︾ ᠵᠢᠴᠢ ᠠᠯᠢ ᠣᠯᠠᠨ ᠢᠵᠢ ᠪᠦᠷᠢᠳᠦᠭᠦᠯᠦᠨ ᠨᠠᠷᠢᠯᠢᠭᠵᠢᠭᠤᠯᠬᠤ ᠠᠷᠭ᠎ᠠ ᠬᠡᠮᠵᠢᠶ᠎ᠡ ᠨᠢ ᠬᠠᠮᠲᠤ ᠪᠠᠷ ︽1+1+N︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃       ᠬᠤᠶᠠᠷ᠂ ᠭᠤᠣᠯ ᠠᠭᠤᠯᠭ᠎ᠠ     ︽ᠬᠡᠷᠡᠭᠵᠢᠭᠦᠯᠬᠦ ᠲᠥᠰᠥᠯ︾ ᠤᠨ ᠭᠤᠣᠯ ᠠᠭᠤᠯᠭ᠎ᠠ ᠳᠤ ᠬᠠᠷᠠᠯᠲᠠ ᠡᠭᠦᠷᠭᠡ᠂ ᠠᠵᠢᠯ ᠤᠨ ᠠᠷᠭ᠎ᠠ ᠬᠡᠮᠵᠢᠶ᠎ᠡ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠭᠡᠬᠦ 3 ᠬᠡᠰᠡᠭ ᠪᠠᠭᠲᠠᠨ᠎ᠠ᠃ ᠬᠠᠷᠠᠯᠲᠠ ᠡᠭᠦᠷᠭᠡ ᠨᠢ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠠᠷ ᠳᠠᠮᠵᠢᠭᠤᠯᠤᠨ᠂ ᠭᠠᠵᠠᠷ ᠰᠢᠷᠣᠢ ᠶᠢᠨ ᠶᠡᠷᠦᠩᠬᠡᠢ ᠠᠰᠢᠭᠯᠠᠯᠲᠠ ᠶᠢᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠦᠯᠡᠳᠡᠭᠡᠯ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠶ ᠪᠠᠷ ᠠᠰᠢᠭᠯᠠᠯᠲᠠ ᠳᠤ ᠣᠷᠣᠭᠤᠯᠵᠤ᠂ ᠭᠠᠵᠠᠷ ᠰᠢᠷᠣᠢ ᠶᠢ ᠠᠷᠪᠢᠯᠠᠨ ᠡᠷᠴᠢᠮᠵᠢᠭᠦᠯᠵᠦ ᠠᠰᠢᠭᠯᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ ︽ᠪᠠᠶᠢᠴᠠᠭᠠᠵᠤ ᠣᠶᠢᠯᠠᠭᠠᠨ ᠲᠣᠳᠣᠯᠠᠬᠤ ᠶᠢ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠪᠠᠶᠢᠴᠠᠭᠠᠨ ᠰᠤᠳᠤᠯᠤᠯᠲᠠ ᠶᠢ ᠥᠷᠨᠢᠭᠦᠯᠬᠦ︾᠂ ︽ᠬᠠᠮᠢᠶ᠎ᠠ ᠪᠦᠬᠦᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠡᠷᠡᠭᠯᠡᠯᠲᠡ ᠶᠢᠨ ᠵᠠᠬᠢᠷᠤᠨ ᠬᠠᠮᠢᠶᠠᠷᠬᠤ ᠶᠢ ᠴᠢᠩᠭᠠᠳᠬᠠᠬᠤ︾᠂ ︽ᠲᠤᠯᠭᠠᠭᠤᠷᠢᠯᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠲᠣᠭᠲᠠᠭᠠᠬᠤ︾᠂ ︽ᠲᠥᠷᠥᠯ ᠬᠤᠪᠢᠶᠠᠨ ᠨᠠᠷᠢᠯᠢᠭ ᠣᠨᠣᠴᠠᠲᠠᠢ ᠪᠠᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠢ ᠠᠬᠢᠭᠤᠯᠬᠤ︾ ᠵᠡᠷᠭᠡ 4 ᠲᠠᠯ᠎ᠠ ᠶᠢᠨ ᠲᠣᠭᠤᠷᠢᠨ ᠳᠤ᠂ 13 ᠵᠦᠢᠯ ᠢᠶᠠᠷ ᠨᠠᠷᠢᠯᠢᠭᠵᠢᠭᠤᠯᠤᠨ ᠲᠣᠬᠢᠷᠠᠭᠤᠯᠵᠤ ᠪᠠᠶᠢᠭᠠᠳ ᠳᠤᠷᠠᠳᠤᠨ ᠭᠠᠷᠭᠠᠵᠤ᠂ ᠬᠠᠷᠢᠭᠤᠴᠠᠯᠭᠠᠲᠤ ᠨᠢᠭᠡᠴᠢ ᠪᠠ ᠪᠡᠶᠡᠯᠡᠭᠦᠯᠬᠦ ᠬᠤᠭᠤᠴᠠᠭ᠎ᠠ ᠶᠢ ᠲᠣᠳᠣᠷᠬᠠᠶᠢᠯᠠᠪᠠ᠃ ᠡᠭᠦᠨ ᠤ ᠬᠠᠮᠲᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠮᠡᠳᠡᠭᠡ ᠵᠠᠩᠭᠢ ᠶᠢᠨ ᠲᠤᠯᠭᠠᠭᠤᠷᠢᠯᠠᠯ ᠢ ᠴᠢᠩᠭᠠᠳᠬᠠᠬᠤ᠂ ᠠᠵᠢᠯ ᠤᠨ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠬᠦᠴᠦᠲᠡᠢ ᠡᠮᠬᠢ ᠵᠢᠷᠤᠮ ᠲᠠᠢ ᠪᠦᠲᠦᠮᠵᠢᠲᠡᠢ ᠠᠬᠢᠭᠤᠯᠬᠤ ᠶᠢ ᠪᠠᠲᠤᠯᠠᠨ᠎ᠠ᠃     ︵ᠨᠢᠭᠡ︶ ᠪᠠᠶᠢᠴᠠᠭᠠᠵᠤ ᠣᠶᠢᠯᠠᠭᠠᠨ ᠲᠣᠳᠣᠯᠠᠬᠤ ᠶᠢ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠎ᠡ᠃ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠲᠠᠷᠢᠶᠠᠨ ᠭᠠᠵᠠᠷ ᠤᠨ ᠨᠥᠭᠡᠴᠡ ᠡᠬᠢ ᠪᠠᠶᠠᠯᠢᠭ ᠤᠨ ᠳᠠᠯᠳᠠ ᠬᠦᠴᠦᠨ᠂ ᠬᠤᠲᠠ ᠪᠠᠯᠭᠠᠰᠤ ᠲᠣᠰᠬᠤᠨ ᠵᠢᠴᠢ ᠨᠡᠭᠡᠭᠡᠯᠲᠡ ᠶᠢᠨ ᠣᠷᠣᠨ ᠤ ᠦᠷ᠎ᠡ ᠠᠰᠢᠭ ᠢᠶᠠᠷ ᠳᠣᠣᠷ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠣᠨ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ᠂ ᠠᠭᠤᠷᠬᠠᠢ ᠳᠤ ᠬᠡᠷᠡᠭᠯᠡᠬᠦ ᠭᠠᠵᠠᠷ ᠵᠢᠴᠢ ᠳᠠᠬᠢᠨ ᠬᠠᠭᠠᠯᠪᠤᠷᠢᠯᠠᠭᠰᠠᠨ ᠵᠡᠷᠭᠡ ᠪᠠᠶᠢᠳᠠᠯ ᠢ ᠲᠣᠳᠣᠷᠬᠠᠢ ᠣᠶᠢᠯᠠᠭᠠᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠡᠭᠦᠨ ᠤ ᠬᠠᠮᠲᠤ ᠪᠠᠶᠢᠴᠠᠭᠠᠨ ᠰᠤᠳᠤᠯᠤᠯᠲᠠ ᠥᠷᠨᠢᠭᠦᠯᠵᠦ᠂ ᠪᠤᠰᠤᠳ ᠮᠤᠵᠢ ︵ᠣᠷᠣᠨ᠂ ᠬᠤᠲᠠ︶ ᠶᠢᠨ ᠲᠡᠷᠢᠭᠦᠨ ᠤ ᠲᠤᠷᠰᠢᠯᠭ᠎ᠠ ᠬᠢᠳᠡᠯ ᠢ ᠰᠤᠷᠤᠯᠴᠠᠨ ᠲᠣᠯᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃     ︵ᠬᠤᠶᠠᠷ︶ ᠬᠠᠮᠢᠶ᠎ᠠ ᠪᠦᠬᠦᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠢ ᠲᠤᠰᠬᠠᠢ ᠵᠦᠢᠯ ᠢᠶᠠᠷ ᠢᠯᠭᠠᠷᠠᠭᠤᠯᠤᠨ ᠴᠡᠭᠴᠡᠯᠡᠬᠦ ᠶᠢ ᠪᠥᠬᠦ ᠲᠠᠯ᠎ᠠ ᠪᠠᠷ ᠥᠷᠨᠢᠭᠦᠯᠬᠦ ︽ᠡᠷᠬᠢᠨ ᠬᠠᠷᠠᠬᠤ︾ ᠵᠢᠴᠢ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠲᠦᠢᠯᠪᠤᠷᠢᠲᠠᠢ ᠪᠠᠶᠢᠴᠠᠭᠠᠬᠤ ᠪᠠ ᠲᠥᠪᠯᠡᠷᠡᠭᠦᠯᠦᠨ ᠰᠢᠢᠳᠪᠦᠷᠢᠯᠡᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠵᠡᠷᠭᠡ ᠬᠤᠶᠠᠷ ᠲᠠᠯ᠎ᠠ ᠪᠠᠷ ᠠᠵᠢᠯ ᠤᠨ ᠱᠠᠭᠠᠷᠳᠠᠯᠭ᠎ᠠ ᠳᠤᠷᠠᠳᠪᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠠᠰᠢᠭᠯᠠᠬᠤ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠣᠷᠣᠨ ᠵᠠᠢ ᠶᠢ ᠲᠣᠭᠲᠠᠭᠠᠵᠤ᠂ ᠬᠤᠲᠠ ᠪᠠᠯᠭᠠᠰᠤᠨ ᠤ ᠡᠮᠬᠢ ᠵᠢᠷᠤᠮ ᠦᠭᠡᠢ ᠪᠠᠷ ᠥᠷᠭᠡᠵᠢᠬᠦ ᠶᠢ ᠬᠢᠵᠠᠭᠠᠷᠯᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ ᠬᠠᠤᠯᠢ ᠠᠴᠠ ᠵᠥᠷᠢᠴᠡᠨ ᠭᠠᠵᠠᠷ ᠰᠢᠷᠣᠢ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠭᠲᠠᠴᠠ ᠶᠢ ᠴᠢᠩᠭᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ︽ᠥᠴᠥᠬᠡᠨ ᠴᠦ ᠠᠭᠤᠴᠢᠯᠠᠬᠤ ᠦᠭᠡᠢ︾ ᠣᠪᠣᠷ ᠢᠶᠠᠷ ᠰᠢᠨ᠎ᠡ ᠪᠠᠷ ᠨᠡᠮᠡᠭᠳᠡᠭᠰᠡᠨ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠦᠯᠡᠳᠡᠭᠡᠯ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃      ︵ᠭᠤᠷᠪᠠ︶ ᠲᠤᠯᠭᠠᠭᠤᠷᠢᠯᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠨᠥᠭᠡᠴᠡᠯᠡᠬᠦ ᠲᠥᠪ ᠢ ᠪᠠᠶᠢᠭᠤᠯᠵᠤ᠂ ᠪᠥᠬᠦ ᠣᠷᠣᠨ ᠤ ᠭᠠᠵᠠᠷ ᠰᠢᠷᠣᠢ ᠨᠥᠭᠡᠴᠡᠯᠡᠬᠦ ᠠᠵᠢᠯ ᠢ ᠵᠢᠯᠣᠭᠤᠳᠤᠭᠤᠯᠤᠨ᠂ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠭᠦᠢᠴᠡᠳᠬᠡᠯ ᠲᠤᠭ᠎ᠠ᠂ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠦᠯᠡᠳᠡᠪᠦᠷᠢ ᠭᠦᠢᠴᠡᠳᠬᠡᠯ ᠲᠤᠭ᠎ᠠ ᠶᠢ ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠪᠠ ᠮᠤᠵᠢ ᠠᠯᠤᠰᠯᠠᠨ ᠠᠷᠠᠯᠵᠢᠶᠠᠯᠠᠬᠤ ᠠᠵᠢᠯ ᠢ ᠡᠭᠦᠷᠭᠡᠯᠡᠭᠦᠯᠦᠨ᠎ᠡ᠃ ᠡᠭᠦᠨ ᠤ ᠬᠠᠮᠲᠤ ︽ᠵᠢᠯᠤᠭᠤᠳᠬᠤ ᠰᠠᠨᠠᠯ︾ ᠪᠠ ︽ᠬᠡᠷᠡᠭᠵᠢᠭᠦᠯᠬᠦ ᠲᠥᠰᠥᠯ︾ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠦᠨᠳᠦᠰᠦᠯᠡᠨ᠂ ᠠᠯᠢ ᠣᠯᠠᠨ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ︽1+1+N︾ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠪᠦᠷᠢᠯᠳᠦᠭᠦᠯᠦᠨ᠎ᠡ᠃     ︵ᠳᠥᠷᠪᠡ︶ ᠲᠥᠷᠥᠯ ᠬᠤᠪᠢᠶᠠᠨ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠢ ᠠᠬᠢᠭᠤᠯᠤᠨ᠎ᠠ᠃ ᠬᠥᠳᠡᠭᠡ ᠲᠣᠰᠬᠤᠨ ᠤ ᠭᠠᠵᠠᠷ ᠰᠢᠷᠣᠢ ᠶᠢ ᠴᠡᠭᠴᠡᠯᠡᠨ ᠵᠠᠰᠠᠬᠤ ᠶᠢ ᠴᠢᠩᠭᠠᠳᠬᠠᠬᠤ᠂ ᠬᠤᠲᠠ ᠪᠠᠯᠭᠠᠰᠤᠨ ᠤ ᠦᠯᠡᠳᠡᠭᠡᠯ ᠬᠡᠷᠡᠭᠯᠡᠬᠦ ᠭᠠᠵᠠᠷ ᠢ ᠠᠰᠢᠭᠯᠠᠯᠲᠠ ᠳᠤ ᠣᠷᠣᠭᠤᠯᠬᠤ᠂ ᠬᠦᠷᠢᠶᠡᠯᠡᠩ ᠲᠣᠭᠤᠷᠢᠭ ᠤᠨ ᠭᠠᠵᠠᠷ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠠᠷᠭ᠎ᠠ ᠮᠠᠶ᠋ᠢᠭ ᠢ ᠬᠤᠪᠢᠷᠠᠭᠤᠯᠬᠤ᠂ ᠳᠣᠣᠷ᠎ᠠ ᠠᠰᠢᠭᠯᠠᠮᠵᠢ ᠲᠠᠢ ᠭᠠᠵᠠᠷ ᠰᠢᠷᠣᠢ ᠶᠢᠨ ᠥᠷᠲᠡᠭ ᠢ ᠳᠡᠭᠡᠭᠰᠢᠯᠡᠭᠦᠯᠬᠦ᠂ ᠭᠠᠵᠠᠷ ᠰᠢᠷᠣᠢ ᠶᠢᠨ ᠦᠨ᠎ᠡ ᠬᠠᠩᠰᠢ ᠶᠢᠨ ᠲᠣᠬᠢᠷᠠᠭᠤᠯᠤᠯ ᠡᠵᠡᠮᠳᠡᠯ ᠢ ᠴᠢᠩᠭᠠᠳᠬᠠᠬᠤ ᠂ ᠭᠠᠵᠠᠷ ᠰᠢᠷᠣᠢ ᠶᠢᠨ ᠨᠥᠭᠡᠴᠡᠯᠡᠯ ᠤᠨ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ ᠵᠡᠷᠭᠡ 7 ᠲᠠᠯ᠎ᠠ ᠪᠠᠷ ᠨᠠᠷᠢᠯᠢᠭᠵᠢᠭᠤᠯᠤᠨ ᠲᠣᠬᠢᠷᠠᠭᠤᠯᠵᠤ᠂ ᠠᠵᠢᠯ ᠤᠨ ᠬᠠᠷᠠᠯᠲᠠ ᠪᠠ ᠱᠠᠭᠠᠷᠳᠠᠯᠭ᠎ᠠ ᠶᠢ ᠲᠣᠳᠣᠷᠬᠠᠶᠢᠯᠠᠨ᠂ ᠡᠯ᠎ᠡ ᠵᠦᠢᠯ ᠤᠨ ᠡᠭᠦᠷᠭᠡ ᠶᠢ ᠬᠦᠴᠦᠲᠡᠢ ᠡᠮᠬᠢ ᠵᠢᠷᠤᠮ ᠲᠠᠢ ᠪᠥᠭᠡᠳ ᠪᠦᠲᠦᠮᠵᠢᠲᠡᠶ ᠠᠬᠢᠭᠤᠯᠬᠤ ᠶᠢ ᠦᠨᠡᠨ ᠬᠦ ᠪᠠᠲᠤᠯᠠᠨ᠎ᠠ᠃       ᠭᠤᠷᠪᠠ᠂ ᠲᠣᠳᠣᠷᠬᠠᠶᠢᠯᠠᠬᠤ ᠴᠢᠬᠤᠯᠠᠲᠠᠢ ᠬᠡᠳᠦᠨ ᠭᠤᠣᠯ ᠠᠰᠠᠭᠤᠳᠠᠯ ︽ᠬᠡᠷᠡᠭᠵᠢᠭᠦᠯᠬᠦ ᠲᠥᠰᠥᠯ︾ ᠨᠢ ᠤᠯᠤᠰ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ︽ᠵᠢᠯᠤᠭᠤᠳᠬᠤ ᠰᠠᠨᠠᠯ︾ ᠳᠤ ᠳᠤᠷᠠᠳᠤᠭᠰᠠᠨ ᠭᠤᠣᠯᠳᠠᠯᠭ᠎ᠠ ᠲᠠᠢ ᠡᠭᠦᠷᠭᠡ ᠳᠤ ᠴᠢᠭᠯᠡᠭᠦᠯᠵᠦ᠂ ᠵᠣᠷᠢᠭᠲᠠᠢ ᠪᠠᠷ ᠰᠢᠨ᠎ᠡ ᠶᠢ ᠡᠭᠦᠳᠬᠦ ᠪᠠ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠡᠯ᠎ᠡ ᠵᠦᠢᠯ ᠤᠨ ᠡᠭᠦᠷᠭᠡ ᠶᠢᠨ ︽ᠬᠠᠷᠠᠯᠲᠠ ᠲᠠᠢ᠂ ᠠᠷᠭ᠎ᠠ ᠵᠠᠮ ᠲᠠᠢ᠂ ᠦᠷ᠎ᠡ ᠪᠦᠲᠦᠮᠵᠢ ᠲᠠᠢ᠂ ᠬᠡᠷᠡᠭᠵᠢᠭᠦᠯᠦᠰᠢᠲᠡᠢ︾ ᠪᠠᠶᠢᠬᠤ ᠶᠢ ᠦᠨᠡᠨ ᠬᠦ ᠪᠠᠲᠤᠯᠠᠨ᠎ᠠ᠃      ︵ᠨᠢᠭᠡ︶ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠴᠢᠩᠭ᠎ᠠ ᠬᠢᠵᠠᠭᠠᠷᠯᠠᠯ ᠢ ᠲᠤᠪᠤᠶᠢᠯᠭᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠶᠢ ᠴᠢᠩᠭᠠᠳᠬᠠᠨ᠎ᠠ᠃ ︽ᠬᠡᠷᠡᠭᠵᠢᠭᠦᠯᠬᠦ ᠲᠥᠰᠥᠯ︾ ᠳᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠪᠠᠷ ᠳᠠᠮᠵᠢᠭᠤᠯᠤᠨ ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠠᠰᠢᠭᠯᠠᠬᠤ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠣᠷᠣᠨ ᠵᠠᠢ ᠶᠢ ᠲᠣᠭᠲᠠᠭᠠᠵᠤ᠂ ᠬᠤᠲᠠ ᠪᠠᠯᠭᠠᠰᠤᠨ ᠤ ᠡᠮᠬᠢ ᠵᠢᠷᠤᠮ ᠦᠭᠡᠢ ᠪᠠᠷ ᠥᠷᠭᠡᠵᠢᠬᠦ ᠶᠢ ᠬᠢᠵᠠᠭᠠᠷᠯᠠᠨ᠎ᠠ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠨᠠᠷᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠠᠬᠢᠭᠤᠯᠵᠤ᠂ ᠭᠠᠵᠠᠷ ᠰᠢᠷᠣᠢ ᠶᠢᠨ ᠬᠠᠳᠠᠭᠠᠯᠠᠯᠲᠠ ᠶᠢᠨ ᠬᠡᠮᠵᠢᠶ᠎ᠡ ᠶᠢ ᠠᠰᠢᠭᠯᠠᠯᠲᠠ ᠳᠤ ᠣᠷᠣᠭᠤᠯᠬᠤ᠂ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠵᠦ᠂ ︽ᠭᠠᠵᠠᠷ ᠰᠢᠷᠣᠢ ᠶᠢᠨ ᠬᠠᠳᠠᠭᠠᠯᠠᠯᠲᠠ ᠶᠢᠨ ᠬᠡᠮᠵᠢᠶ᠎ᠡ︾ ᠶᠢ ︽ᠬᠥᠭᠵᠢᠯᠲᠡ ᠶᠢᠨ ᠨᠡᠮᠡᠭᠳᠡᠯ ᠤᠨ ᠬᠡᠮᠵᠢᠶ᠎ᠡ︾ ᠪᠣᠯᠭᠠᠬᠤ ᠭᠠᠵᠠᠷ ᠰᠢᠷᠣᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠠᠭᠪᠤᠷ ᠢ ᠪᠤᠢ ᠪᠣᠯᠭᠠᠨ᠎ᠠ᠃ ᠡᠭᠦᠨ ᠤ ᠬᠠᠮᠲᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠵᠢᠷᠤᠭ︾ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠨᠢᠭᠡᠳᠬᠡᠬᠦ ᠪᠠ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠳᠤ ᠦᠨᠳᠦᠰᠦᠯᠡᠯ ᠪᠠ ᠲᠤᠯᠭᠠᠭᠤᠷᠢᠯᠠᠯ ᠬᠠᠩᠭᠠᠨ᠎ᠠ᠃     ︵ᠬᠤᠶᠠᠷ︶ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠪᠠ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠠᠵᠢᠯ ᠳᠤ ᠰᠢᠨ᠎ᠡ ᠶᠢ ᠡᠭᠦᠳᠴᠦ᠂ ᠡᠬᠢ ᠪᠠᠶᠠᠯᠢᠭ ᠤᠨ ᠬᠥᠷᠥᠩᠭᠡᠵᠢᠯᠲᠡ ᠶᠢ ᠠᠬᠢᠭᠤᠯᠤᠨ᠎ᠠ᠃ ︽ᠬᠡᠷᠡᠭᠵᠢᠭᠦᠯᠬᠦ ᠲᠥᠰᠥᠯ︾  ᠳᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠪᠥᠬᠦ ᠣᠷᠣᠨ ᠤ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠭᠦᠢᠴᠡᠳᠬᠡᠯ ᠲᠤᠭ᠎ᠠ 100 ᠲᠦᠮᠡᠨ ᠮᠦ᠂ ᠰᠢᠨ᠎ᠡ ᠪᠠᠷ ᠨᠡᠮᠡᠭᠳᠡᠭᠰᠡᠨ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠭᠦᠢᠴᠡᠳᠬᠡᠯ ᠲᠤᠭ᠎ᠠ 5 ᠲᠦᠮᠡᠨ ᠮᠦ ᠪᠠᠶᠢᠬᠤ ᠶᠢ ᠲᠣᠳᠣᠷᠬᠠᠶᠢᠯᠠᠪᠠ᠃ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠨᠥᠭᠡᠴᠡᠯᠡᠬᠦ ᠲᠥᠪ ᠢ ᠪᠠᠶᠢᠭᠤᠯᠬᠤ ᠪᠠᠷ ᠳᠠᠮᠵᠢᠭᠤᠯᠤᠨ᠂ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠭᠦᠢᠴᠡᠳᠬᠡᠯ ᠲᠤᠭ᠎ᠠ ᠪᠠ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠦᠯᠡᠳᠡᠭᠡᠯ ᠭᠦᠢᠴᠡᠳᠬᠡᠯ ᠲᠤᠭ᠎ᠠ ᠶᠢ ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠪᠠ ᠮᠤᠵᠢ ᠠᠯᠤᠰᠯᠠᠨ ᠠᠷᠠᠯᠵᠢᠶᠠᠯᠠᠬᠤ ᠠᠵᠢᠯ ᠢ ᠥᠷᠭᠡᠳᠬᠡᠵᠦ᠂ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠲᠥᠯᠥᠪᠵᠢᠭᠦᠯᠬᠦ ᠬᠡᠪᠴᠢᠶ᠎ᠡ ᠶᠢᠨ ᠭᠦᠢᠴᠡᠳᠬᠡᠯ ᠲᠤᠭ᠎ᠠ ᠶᠢ ᠨᠢᠭᠡᠳᠦᠯᠲᠡᠢ ᠲᠥᠯᠥᠪᠯᠡᠬᠦ ᠬᠠᠮᠢᠶᠠᠷᠤᠯᠲᠠ ᠶᠢᠨ ᠠᠷᠭ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠬᠡᠷᠡᠭᠵᠢᠭᠦᠯᠬᠦ ᠨᠠᠷᠢᠨ ᠳᠦᠷᠢᠮ ᠵᠡᠷᠭᠡ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ︽1+1+N︾ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠡᠭᠦᠨ ᠤ ᠵᠡᠷᠭᠡ ᠳᠤ᠂ ᠬᠤᠯᠪᠣᠭᠳᠠᠯ ᠪᠦᠬᠦᠢ ᠮᠤᠵᠢ ︵ᠣᠷᠣᠨ᠂ ᠬᠤᠲᠠ︶ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠶᠢ ᠴᠢᠩᠭᠠᠳᠬᠠᠵᠤ᠂ ᠮᠤᠵᠢ ᠠᠯᠤᠰᠯᠠᠨ ᠠᠷᠠᠯᠵᠢᠶᠠᠯᠠᠬᠤ ᠠᠷᠭ᠎ᠠ ᠵᠠᠮ ᠢ ᠨᠠᠪᠲᠠᠷᠡᠭᠦᠯᠵᠦ᠂ ᠭᠠᠵᠠᠷ ᠰᠢᠷᠣᠢ ᠶᠢᠨ ᠡᠳ᠋ ᠬᠥᠷᠥᠩᠭᠡ ᠶᠢᠨ ᠥᠷᠲᠡᠭ ᠢ ᠢᠯᠡ ᠪᠣᠯᠭᠠᠨ᠎ᠠ᠃       ︵ᠭᠤᠷᠪᠠ︶ ᠬᠤᠲᠠ ᠪᠠᠯᠭᠠᠰᠤ ᠶᠢᠨ ᠦᠯᠡᠳᠡᠭᠡᠯ ᠬᠡᠷᠡᠭᠯᠡᠬᠦ ᠭᠠᠵᠠᠷ ᠰᠢᠷᠣᠢ ᠶᠢ ᠠᠰᠢᠭᠯᠠᠯᠲᠠ ᠳᠤ ᠣᠷᠣᠭᠤᠯᠵᠤ᠂ ᠭᠠᠵᠠᠷ ᠰᠢᠷᠣᠢ ᠶᠢ ᠪᠦᠳᠦᠭᠦᠯᠢᠭ ᠢᠶᠠᠷ ᠠᠰᠢᠭᠯᠠᠵᠤ ᠪᠠᠶᠢᠭ᠎ᠠ ᠪᠠᠶᠢᠳᠠᠯ ᠢ ᠬᠤᠪᠢᠷᠠᠭᠤᠯᠤᠨ᠎ᠠ᠃ ︽ᠬᠡᠷᠡᠭᠵᠢᠭᠦᠯᠬᠦ ᠲᠥᠰᠥᠯ︾  ᠳᠤ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠪᠠ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠩᠭᠡᠭᠡᠵᠦ ᠰᠢᠢᠳᠪᠦᠷᠢᠯᠡᠬᠦ ᠰᠢᠪᠲᠤᠯᠤᠯᠲᠠ ᠶᠢᠨ ᠠᠵᠢᠯᠯᠠᠭ᠎ᠠ ᠶᠢ ᠲᠦᠷᠭᠡᠬᠡᠨ ᠡᠬᠢᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠪᠠ ᠰᠤᠯᠠ ᠲᠠᠯᠪᠢᠭᠳᠠᠵᠤ ᠪᠠᠶᠢᠭ᠎ᠠ 67.9 ᠲᠦᠮᠡᠨ ᠮᠦ ᠭᠠᠵᠠᠷ ᠰᠢᠷᠣᠢ ᠶᠢ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠂ ᠡᠭᠦᠨ ᠳᠤ 2022 ᠣᠨ ᠳᠤ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠪᠠ ᠰᠤᠯᠠ ᠲᠠᠯᠪᠢᠭᠳᠠᠵᠤ ᠪᠠᠶᠢᠭ᠎ᠠ 13. 4 ᠲᠦᠮᠡᠨ ᠮᠦ ᠭᠠᠵᠠᠷ ᠰᠢᠷᠣᠢ ᠶᠢ ᠠᠰᠢᠭᠯᠠᠯᠲᠠ ᠳᠤ ᠣᠷᠣᠭᠤᠯᠤᠨ᠎ᠠ᠃ 2022 ᠣᠨ ᠤ ᠡᠴᠦᠰ ᠠᠴᠠ ᠡᠮᠦᠨ᠎ᠡ ᠭᠠᠵᠠᠷ ᠰᠢᠷᠣᠢ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠶᠢ ᠪᠡᠶᠡᠯᠡᠭᠦᠯᠵᠦ᠂ ᠠᠷᠠᠯᠵᠢᠶᠠᠨ ᠤ ᠳᠦᠷᠢᠮ ᠵᠢᠷᠤᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠯᠵᠢᠶᠠᠨ ᠤ ᠪᠣᠱᠤᠭ᠎ᠠ ᠬᠡᠲᠦ ᠥᠨᠳᠥᠷ᠂ ᠡᠷᠭᠢᠯᠲᠡ ᠳᠤ ᠰᠠᠭᠠᠳ ᠶᠡᠬᠡᠲᠡᠢ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠂ ᠳᠣᠣᠷ᠎ᠠ ᠠᠰᠢᠭᠯᠠᠮᠵᠢ ᠲᠠᠢ ᠬᠡᠷᠡᠭᠯᠡᠬᠦ ᠭᠠᠵᠠᠷ ᠢ ᠳᠠᠬᠢᠨ ᠠᠰᠢᠭᠯᠠᠬᠤ ᠶᠢ ᠠᠬᠢᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠬᠤ ᠶᠢ ᠠᠬᠢᠭᠤᠯᠤᠨ᠎ᠠ᠃      ︵ᠳᠥᠷᠪᠡ︶ ᠭᠠᠵᠠᠷ ᠰᠢᠷᠣᠢ ᠶᠢ ᠠᠰᠢᠭᠯᠠᠬᠤ ᠠᠷᠭ᠎ᠠ ᠮᠠᠶ᠋ᠢᠭ ᠢ ᠬᠤᠪᠢᠷᠠᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠤᠨ ᠠᠰᠢᠭ ᠣᠷᠣᠯᠭ᠎ᠠ ᠶᠢ ᠨᠡᠮᠡᠭᠳᠡᠭᠦᠯᠦᠨ᠎ᠡ᠃ ᠨᠢᠭᠡ ᠳᠤ᠂ ᠬᠦᠷᠢᠶᠡᠯᠡᠩ ᠲᠣᠭᠤᠷᠢᠭ ᠤᠨ ᠭᠠᠵᠠᠷ ᠬᠡᠷᠡᠭᠯᠡᠬᠦ ᠵᠠᠭᠪᠤᠷ ᠲᠤ ᠰᠢᠨ᠎ᠡ ᠶᠢ ᠡᠭᠦᠳᠴᠦ᠂ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠵᠦ ᠬᠠᠮᠲᠤ ᠪᠠᠷ ᠬᠦᠷᠲᠡᠬᠦ ᠪᠠ ︽ᠪᠠᠷᠢᠮᠵᠢᠶᠠᠲᠤ ᠭᠠᠵᠠᠷ︾ ᠢ ᠰᠢᠯᠵᠢᠭᠦᠯᠦᠨ ᠬᠤᠳᠠᠯᠳᠤᠬᠤ ᠶᠢ ᠪᠡᠶᠡᠯᠡᠭᠦᠯᠵᠦ᠂ ᠦᠷ᠎ᠡ ᠠᠰᠢᠭ ᠢᠶᠠᠷ ᠳᠣᠣᠷ᠎ᠠ ᠴᠢᠨᠠᠷ ᠮᠠᠭᠤᠲᠠᠢ ᠲᠥᠷᠥᠯ ᠵᠦᠢᠯ ᠳᠤ ᠬᠡᠷᠡᠭᠯᠡᠬᠦ ᠭᠠᠵᠠᠷ ᠢ ᠰᠤᠯᠠᠯᠠᠨ ᠪᠤᠴᠠᠭᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠦᠷᠢᠶᠡᠯᠡᠩ ᠲᠣᠭᠤᠷᠢᠭ ᠤᠨ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠤᠨ᠂ ᠬᠦᠷᠢᠶᠡᠯᠡᠩ ᠲᠣᠭᠤᠷᠢᠭ ᠤᠨ ᠭᠠᠷᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠤᠶᠠᠷ ᠲᠤ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠠᠷᠭ᠎ᠠ ᠮᠠᠶ᠋ᠢᠭ ᠢ ᠬᠤᠪᠢᠷᠠᠭᠤᠯᠵᠤ᠂ ᠡᠯ᠎ᠡ ᠭᠠᠵᠠᠷ ᠤᠨ ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠢ ᠶᠢ ᠤᠯᠠᠨ ᠵᠦᠢᠯ ᠤᠨ ᠠᠷᠭ᠎ᠠ ᠮᠠᠶ᠋ᠢᠭ ᠢᠶᠠᠷ ᠬᠠᠩᠭᠠᠬᠤ ᠶᠢ ᠲᠡᠮᠵᠢᠵᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠳᠤ ᠬᠡᠷᠡᠭᠯᠡᠬᠦ ᠭᠠᠵᠠᠷ ᠰᠢᠷᠣᠢ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠭᠠᠵᠠᠷ ᠰᠢᠷᠣᠢ ᠶᠢᠨ ᠡᠬᠢ ᠪᠠᠶᠠᠯᠢᠭ ᠤᠨ ᠦᠷᠳᠡᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ᠭᠤᠷᠪᠠ ᠳᠤ᠂ ᠰᠢᠨ᠎ᠡ ᠡᠨᠧᠷᠭᠢ ᠶᠢᠨ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠮᠠᠨ ᠤ ᠣᠷᠣᠨ ᠤ ᠠᠰᠢᠭᠯᠠᠭᠠᠳᠤᠢ ᠭᠠᠵᠠᠷ ᠤᠨ ᠡᠬᠢ ᠪᠠᠶᠠᠯᠢᠭ ᠡᠯᠪᠡᠭ ᠳᠡᠯᠪᠡᠭ ᠪᠠᠶᠢᠬᠤ ᠳᠠᠪᠠᠭᠤᠯᠢᠭ ᠢ ᠪᠠᠳᠠᠷᠠᠭᠤᠯᠤᠨ᠂ ᠲᠣᠮᠣ ᠬᠡᠯᠪᠡᠷᠢ ᠶᠢᠨ ᠰᠠᠯᠬᠢᠨ ᠬᠦᠴᠦᠨ ᠪᠠ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠳᠤ ᠡᠯᠡᠰᠦ ᠮᠠᠩᠬ᠎ᠠ᠂ ᠭᠤᠪᠢ᠂ ᠡᠯᠡᠰᠦᠨ ᠴᠥᠯ ᠵᠡᠷᠭᠡ ᠠᠰᠢᠭᠯᠠᠭᠠᠳᠤᠢ ᠭᠠᠵᠠᠷ ᠢ ᠬᠡᠷᠡᠭᠯᠡᠬᠦ ᠶᠢ ᠵᠣᠷᠢᠭᠵᠢᠭᠤᠯᠵᠤ᠂ ︽ᠳᠡᠭᠡᠷ᠎ᠡ ᠲᠠᠯ᠎ᠠ ᠳᠤ ᠨᠢ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠵᠤ ᠳᠣᠣᠷ᠎ᠠ ᠲᠠᠯ᠎ᠠ ᠳᠤ ᠨᠢ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ︾ ᠵᠡᠷᠭᠡ ᠰᠢᠨ᠎ᠡ ᠡᠨᠧᠷᠭᠢ ᠶᠢᠨ ᠲᠥᠷᠥᠯ ᠵᠦᠢᠯ ᠤᠨ ᠨᠡᠶᠢᠯᠡᠮᠡᠯ ᠬᠡᠯᠪᠡᠷᠢ ᠪᠠᠷ ᠭᠠᠵᠠᠷ ᠬᠡᠷᠡᠭᠯᠡᠬᠦ ᠶᠢ ᠠᠬᠢᠭᠤᠯᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠳᠥᠷᠪᠡ ᠳᠤ᠂ ᠭᠠᠵᠠᠷ ᠰᠢᠷᠣᠢ ᠨᠥᠭᠡᠴᠡᠯᠡᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠭᠠᠵᠠᠷ ᠰᠢᠷᠣᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠨᠥᠭᠡᠴᠡᠯᠡᠬᠦ ᠲᠠᠪᠴᠠᠩ ᠢ ᠪᠠᠶᠢᠭᠤᠯᠤᠨ᠂ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠭᠦᠢᠴᠡᠳᠬᠡᠯ ᠲᠤᠭ᠎ᠠ᠂ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠭᠦᠢᠴᠡᠳᠬᠡᠯ ᠲᠤᠭ᠎ᠠ ᠶᠢ ᠮᠡᠳᠡᠭᠡ ᠵᠠᠩᠭᠢ ᠨᠥᠭᠡᠴᠡᠯᠡᠬᠦ ᠲᠠᠪᠴᠠᠩ ᠳᠤ ᠣᠷᠣᠭᠤᠯᠵᠤ᠂ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠪᠠ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠭᠦᠢᠴᠡᠳᠬᠡᠯ ᠲᠤᠭ᠎ᠠ ᠶᠢ ᠮᠤᠵᠢ ᠠᠯᠤᠰᠯᠠᠨ ᠠᠷᠠᠯᠵᠢᠶᠠᠯᠠᠬᠤ ᠠᠷᠭ᠎ᠠ ᠵᠠᠮ ᠢ ᠥᠷᠭᠡᠳᠬᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号