ᠲᠠᠶᠢᠹᠤᠰᠧ ᠬᠤᠰᠢᠭᠤᠨ ᠤ ᠤᠯᠠᠨ ᠰᠠᠯᠠᠭ᠎ᠠ ᠮᠥᠴᠢᠷ ᠬᠠᠮᠳᠤᠷᠠᠵᠤ ᠰᠢᠲᠠᠮᠠᠬᠠᠢ ᠬᠡᠢ ᠶᠢᠨ ᠠᠵᠢᠯ ᠲᠦᠷᠦᠯ  ᠳᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2023/3/2
 ᠥᠪᠥᠷ ᠮᠣᠩᠭᠤᠯ ᠤᠨ ᠠᠯᠠᠱᠠ ᠵᠡᠭᠦᠨ ᠬᠤᠰᠢᠭᠤᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠬᠦᠨᠳᠦ ᠠᠳᠡᠯ ᠤᠨ ᠲᠤᠬᠠᠢ  ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠪᠦᠬᠦ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠤ ᠠᠶᠤᠯᠬᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠨ ᠬᠢᠵᠦ᠂  ᠡᠯ᠎ᠡ ᠲᠦᠷᠦᠯ ᠤᠨ ᠠᠶᠤᠯᠬᠦᠢ ᠦᠢᠯᠡᠳᠪᠦᠷᠢᠯᠡᠯ ᠤᠨ ᠤᠰᠤᠯ ᠠᠳᠡᠯ ᠢ ᠡᠷᠡᠰ ᠬᠤᠷᠢᠭᠯᠠᠬᠤ ᠶᠢᠨ ᠲᠦᠯᠦᠭᠡ  ᠂ 2 ᠰᠠᠷ᠎ᠠ ᠶᠢᠨ 28 ᠤ ᠡᠳᠦᠷ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠲᠡᠳ᠋ ᠬᠤᠰᠢᠭᠤ ᠳᠠᠷᠤᠭ᠎ᠠ ᠶᠢᠨ ᠶᠦᠩ ᠾᠧ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ᠂ ᠭᠠᠯ ᠤᠨᠲᠠᠷᠠᠭᠠᠬᠤ ᠶᠡᠭᠡ ᠠᠩᠬᠢ᠂ ᠳᠤᠮᠳᠠ ᠪᠠᠭ᠎ᠠ ᠠᠵᠤ ᠠᠬᠤᠶᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠵᠡᠷᠭᠡ ᠰᠠᠯᠠᠭ᠎ᠠ ᠮᠥᠴᠢᠷ ᠤᠨ ᠬᠢᠨ ᠢ ᠲᠠᠭᠠᠭᠤᠯᠵᠤ᠂ ᠰᠢᠲᠠᠮᠠᠬᠠᠢ ᠬᠡᠢ ᠶᠢᠨ ᠠᠵᠢᠯ ᠲᠦᠷᠦᠯ ᠳᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠪᠡ᠃ ᠡᠨᠡ ᠤᠳᠠᠭᠠᠨ ᠤ ᠪᠠᠶᠢᠴᠠᠭᠠᠯᠳᠠ ᠨᠢ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠪᠠ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠷ ᠭᠤᠣᠯᠳᠠᠯᠭ᠎ᠠ ᠪᠣᠯᠭᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ  ᠲᠠᠩᠰᠠ ᠡᠪᠬᠡᠮᠡᠯ᠂ ᠮᠡᠷᠭᠡᠵᠢᠯ ᠤᠨ ᠠᠵᠢᠯᠲᠠᠨ ᠤ ᠬᠢᠷᠢ ᠬᠡᠮ ᠵᠢᠴᠢ ᠰᠢᠲᠠᠮᠠᠬᠠᠢ ᠬᠡᠢ ᠶᠢᠨ ᠲᠤᠨᠤᠭ ᠲᠦᠬᠦᠭᠡᠷᠦᠮᠵᠢ ᠶᠢᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠵᠡᠢ᠃ ᠪᠠᠶᠢᠴᠠᠭᠠᠬᠤ ᠳᠤᠭᠤᠶᠢᠯᠠᠩ ᠠᠴᠠ᠂ ᠠᠵᠤ ᠠᠬᠤᠶᠢᠯᠠᠯ ᠤᠳ ᠨᠢ ᠡᠷᠭᠡᠪᠰᠢ ᠪᠠᠶᠢᠩᠭᠤ ᠬᠡᠷᠡᠭᠯᠡᠬᠦ  ᠲᠤᠨᠤᠭ ᠲᠥᠬᠦᠭᠡᠷᠦᠮᠵᠢ  ᠳᠡᠭᠡᠨ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠬᠠᠭᠤᠴᠢᠷᠠᠭᠰᠠᠨ  ᠲᠤᠨᠤᠭ ᠲᠥᠬᠦᠭᠡᠷᠦᠮᠵᠢ ᠶᠢ ᠴᠠᠭ ᠲᠤᠬᠠᠢ ᠳᠤᠨᠢ ᠰᠣᠯᠢᠬᠤ ᠬᠡᠷᠡᠭᠲᠡᠢ᠃  ᠮᠦᠨ ᠴᠤ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠶᠢ ᠨᠢ ᠲᠤᠭᠳᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号