ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/2
  2 ᠰᠠᠷ᠎ᠠ ᠶᠢᠨ 28 ᠤ ᠡᠳᠦᠷ᠂  ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠳᠡᠳ᠋ ᠡᠷᠬᠢᠯᠡᠭᠴᠢ ᠯᠢ ᠱᠣᠸ ᠯᠢᠨ᠂ ᠪᠠᠭᠠᠲᠤᠷ᠂ ᠵᠠᠩ ᠸᠧᠨ ᠴᠠᠩ ᠬᠤᠷᠠᠯ ᠳᠤ ᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠂  ᠳᠡᠳ᠋ ᠬᠤᠰᠢᠭᠤ ᠳᠠᠷᠤᠭ᠎ᠠ ᠸᠠᠩ ᠵᠢᠦᠢ ᠰᠢ᠂ ᠯᠢ ᠵᠠᠨ ᠪᠦᠦ᠂  ᠰᠢᠭᠦᠬᠦ ᠬᠤᠷᠢᠶᠠᠨ ᠤ ᠳᠠᠷᠤᠭ᠎ᠠ ᠯᠢ ᠯᠢ ᠵᠢᠶᠦ᠋ᠨ᠂ ᠪᠠᠶᠢᠴᠠᠭᠠᠬᠤ ᠬᠤᠷᠢᠶᠠᠨ ᠤ ᠲᠠᠷᠤᠭ᠎ᠠ ᠨᠠᠷᠠᠰᠤ ᠵᠢᠴᠢ ᠬᠠᠤᠯᠢ ᠴᠠᠭᠠᠵᠠ ᠶᠢᠨ ᠲᠤᠪᠴᠢᠶᠠᠨ ᠤ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠲᠤᠰᠬᠠᠢ ᠵᠥᠪᠯᠡᠯ ᠤᠨ ᠭᠡᠰᠢᠬᠦᠳ᠂  ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠡᠰᠡᠭ ᠲᠥᠯᠥᠭᠡᠯᠡᠭᠴᠢ ᠰᠤᠯᠠ ᠣᠷᠣᠯᠴᠠᠪᠠ᠃  ᠡᠨᠡ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠤ ᠣᠷᠤᠯᠴᠠᠬᠤ ᠶᠣᠰᠣᠲᠠᠢ ᠭᠡᠰᠢᠭᠦᠨ 33 ᠬᠥᠮᠥᠨ᠂  ᠪᠣᠳᠠᠲᠠᠢ ᠣᠷᠣᠯᠴᠠᠭᠰᠠᠨ ᠨᠢ 26 ᠬᠥᠮᠥᠨ ᠪᠠᠶᠢᠵᠤ᠂ ᠬᠠᠤᠯᠢ ᠪᠠᠷ ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠵᠡᠢ᠃ ᠬᠤᠷᠠᠯ ᠲᠡᠭᠡᠷ᠎ᠡ᠂  ᠬᠤᠷᠠᠯ ᠤᠨ ᠵᠥᠪᠯᠡᠬᠦ ᠵᠦᠢᠯ ︵ᠲᠥᠰᠥᠯ︶ ᠢ  ᠪᠠᠳᠤᠯᠠᠨ᠂ ᠥᠪᠥᠷ ᠮᠣᠩᠭᠤᠯ ᠤᠨ ᠺᠠᠢ ᠳ᠋ᠠ ᠾᠧᠩ ᠶᠧ ᠢᠳᠡᠭᠡᠨ ᠤ ᠬᠢᠵᠠᠭᠠᠷᠲᠤ ᠺᠣᠮᠫᠠᠨᠢ ᠶᠢᠨ ᠲᠦᠮᠦᠰᠦᠨ ᠤ ᠠᠵᠤ ᠦᠢᠯᠡᠰ ᠤᠨ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠤᠨ ᠨᠥᠬᠦᠪᠦᠷᠢ ᠬᠡᠯᠡᠯᠴᠡᠭᠡᠷ᠂  ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  2022 ᠣᠨ ᠤ ᠬᠠᠤᠯᠢᠵᠢᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠦᠪᠯᠡᠭᠰᠡᠨ ᠪᠦᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠠᠷᠠᠳ ᠤᠨ ᠲᠥᠯᠥᠭᠡᠯᠡᠭᠴᠢᠳ ᠤᠨ ᠬᠠᠤᠯᠢ ᠪᠠᠷ ᠵᠠᠰᠠᠬᠤ ᠠᠵᠢᠯ ᠤᠨ ᠬᠠᠷᠢᠯᠴᠠᠬᠤ ᠦᠷᠳᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠯᠤᠭᠤᠳᠬᠤ ᠰᠠᠨᠠᠯ ︵ᠲᠥᠰᠥᠯ︶᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2023 ᠣᠨ ᠤ ᠠᠵᠢᠯ ᠤᠨ ᠭᠤᠣᠯᠳᠠᠯᠭ᠎ᠠ ᠶᠢ ᠰᠣᠨᠣᠰᠴᠤ ᠬᠢᠨᠠᠨ  ᠵᠦᠪᠯᠡᠭᠰᠡᠨ ᠪᠠᠶᠢᠨ᠎ᠠ᠃ ᠬᠤᠷᠠᠯ  ᠲᠡᠭᠡᠷ᠎ᠡ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ   ᠢ ᠪᠠᠲᠤᠯᠠᠭᠰᠠᠨ ᠪᠥᠭᠡᠳ ᠰᠢᠨ᠎ᠡ ᠪᠠᠷ ᠲᠤᠰᠢᠶᠠᠯ ᠡᠭᠦᠷᠭᠡᠯᠡᠭᠰᠡᠳ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号