ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ᠂ ᠣᠯᠠᠨ ᠲᠦᠮᠡᠨ᠂ ᠰᠠᠶᠢᠨ ᠲᠤᠷᠠᠳᠠᠳ ᠲᠤ᠄ | 2023 ᠣᠨ ᠪᠣᠯ ᠮᠠᠤ ᠽᠧ ᠳ᠋ᠦᠩ ᠵᠡᠷᠭᠡ ᠠᠬᠠᠮᠠᠳ ᠨᠢᠬᠡᠨ ᠦᠶ᠎ᠡ ᠶᠢᠨ ᠦᠭᠡᠶᠢᠭᠦᠦ ᠠᠩᠭᠢ ᠶᠢᠨ | ᠬᠤᠪᠢᠰᠬᠠᠯᠴᠢᠳ ᠠᠴᠠ ᠯᠧᠢ ᠹᠧᠩ ᠨᠥᠬᠦᠷ ᠲᠤ ᠪᠢᠴᠢᠭᠡᠰᠦ ᠪᠢᠴᠢᠵᠦ ᠥᠭᠭᠦᠭᠰᠡᠨ 60 ᠵᠢᠯ ᠤᠨ ᠣᠶ ᠪᠣᠯᠣᠨ᠎ᠠ ᠃ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠭᠦᠨᠵᠡᠭᠡᠶᠢᠷᠡᠭᠦᠯᠦᠨ ᠥᠷᠭᠡᠳᠬᠡᠵᠦ᠂ ︽ | ᠬᠠᠷᠠᠮ ᠦᠬᠡᠢ ᠵᠤᠷᠢᠭᠤᠯᠬᠤ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠳᠠᠪᠰᠢᠬᠤ︾ | ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠤᠨ᠂ ᠯᠧᠢ ᠹᠧᠩ ᠠᠴᠠ ᠰᠤᠷᠤᠯᠴᠠᠬᠤ᠂ | ᠰᠠᠶᠢᠨ ᠶᠠᠪᠤᠳᠠᠯ ᠬᠢᠬᠦ᠂ ᠪᠣᠯᠪᠠᠰᠤᠨ ᠢ ᠡᠭᠦᠳᠬᠦ᠂ ᠲᠥᠪ ᠰᠤᠷᠲᠠᠯ ᠢ ᠪᠠᠳᠠᠷᠠᠭᠤᠯᠬᠤ ᠰᠠᠶᠢᠨ ᠰᠠᠶᠢᠬᠠᠨ ᠨᠡᠶᠢᠭᠡᠮ ᠤᠨ | ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ᠂ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠳᠣᠣᠷᠠᠬᠢ ᠮᠡᠲᠦ ᠤᠷᠢᠶᠠᠯᠠᠭ᠎ᠠ ᠶᠢ ᠭᠠᠷᠭᠠᠯ᠎ᠠ᠄ | ᠨᠢᠭᠡ᠂ ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠵᠤ᠂ ᠰᠢᠨ᠎ᠡ ᠴᠠᠭ ᠦᠶ᠎ᠡ ᠶᠢᠨ ︽ᠨᠠᠮ ᠤᠨ ᠲᠠᠭᠤᠨ | ︾ ᠤ ᠲᠠᠮᠵᠢᠭᠤᠯᠤᠭᠴᠢ ᠪᠤᠯᠵᠠᠭᠠᠶ᠎ᠠ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠦᠷᠦᠭᠦᠯᠡᠨ ︽ | ᠪᠠᠶᠢᠭᠤᠯᠭ᠎ᠠ ᠨᠢᠭᠡᠴᠡ᠂ ᠰᠤᠷᠭᠠᠭᠤᠯᠢ ᠶᠢᠨ ᠬᠦᠷᠢᠶ᠎ᠡ᠂ ᠠᠵᠤ ᠠᠬᠤᠶᠢᠯᠠᠯ ᠂ ᠬᠥᠳᠡᠭᠡ ᠲᠣᠰᠬᠤᠨ᠂ ᠨᠡᠶᠢᠭᠡᠮ | ᠲᠣᠭᠤᠷᠢᠭ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ︾ ᠳᠤ ᠬᠦᠷᠴᠦ᠂ ︽ᠨᠠᠮ ᠤᠨ ᠳᠠᠭᠤᠨ ᠢ | ᠲᠦᠮᠡᠨ ᠡᠷᠦᠬᠡ ᠳᠤ ᠬᠦᠷᠭᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠤᠬᠠᠭᠤᠯᠤᠨ᠂ ᠲᠦᠭᠦᠮ | ᠣᠶᠢᠯᠠᠭᠠᠮᠵᠢᠲᠠᠢ ᠦᠭᠡ ᠬᠡᠯᠡᠯᠭᠡ ᠪᠠᠷ ᠨᠠᠮ ᠤᠨ ᠰᠢᠨ᠎ᠡ ᠶᠢ ᠡᠭᠦᠳᠬᠦ ᠤᠨᠤᠯ᠂ ᠠᠷᠠᠳ ᠲᠤ ᠠᠰᠢᠭ ᠬᠦᠷᠲᠡᠭᠡᠬᠦ | ᠲᠦᠷᠦ ᠶᠢᠨ ᠪᠣᠳᠣᠯᠭ᠎ᠠ ᠵᠢᠴᠢ ᠯᠧᠢ ᠹᠧᠩ ᠤᠨ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ ᠤᠯᠠᠨ ᠲᠦᠮᠡᠨ ᠳᠤ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠠᠭᠤᠯᠤᠭᠳᠠᠬᠤᠨ ᠢ ᠭᠦᠨ ᠳᠠᠪᠬᠤᠷᠭ᠎ᠠ ᠠᠴᠠ ᠤᠶᠢᠯᠠᠭᠠᠭᠤᠯᠤᠨ | ᠂ ᠨᠠᠮ ᠤᠨ ᠢᠶᠠᠨ ᠦᠭᠡ ᠶᠢ ᠰᠣᠨᠣᠰᠬᠤ᠂ ᠨᠠᠮ ᠤᠨ ᠢᠶᠠᠨ ᠠᠴᠢ ᠶᠢ ᠮᠡᠳᠡᠬᠦ᠂ ᠨᠠᠮ ᠢᠶᠠᠨ ᠡᠬᠦᠷᠢᠳᠡ ᠲᠠᠭᠠᠬᠤ | ᠢᠲᠡᠭᠡᠯ ᠵᠣᠷᠢᠭ ᠢ ᠪᠠᠳᠤᠳᠬᠠᠨ᠎ᠠ᠃ | ᠬᠤᠶᠠᠷ᠂ ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠵᠤ᠂ ᠰᠢᠨ᠎ᠡ ᠴᠠᠭ ᠦᠶ᠎ᠡ ᠶᠢᠨ ︽ᠬᠠᠶᠢᠷ᠎ᠠ | ᠬᠠᠯᠠᠮᠵᠢ︾ ᠤᠨ ᠦᠢᠯᠡᠳᠦᠯᠭᠡᠵᠢᠭᠦᠯᠦᠭᠴᠢ ᠪᠤᠯᠵᠠᠭᠠᠶ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠥᠷᠲᠡᠭᠡ ᠰᠠᠯᠪᠤᠷᠢ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠤᠳ ᠨᠢ ᠰᠠᠶᠢᠨ ᠲᠤᠷᠠᠳᠠᠳ ᠢ ᠵᠣᠬᠢᠶᠠᠨ ᠪᠠᠶᠢᠭᠤᠯᠵᠤ ᠬᠦᠴᠢᠷ ᠵᠤᠪᠠᠨᠢᠯ ᠢ ᠬᠠᠪᠰᠤᠷᠤᠨ | ᠰᠢᠢᠳᠪᠦᠷᠢᠯᠡᠬᠦ᠂ ᠲᠥᠬᠦᠮ ᠦᠵᠡᠭᠦᠯᠵᠦ ᠠᠰᠢᠭ ᠬᠦᠷᠲᠡᠭᠡᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠦᠷᠨᠢᠬᠦᠯᠦᠨ᠎ᠡ᠃ ᠲᠤᠰᠬᠠᠢ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠨᠢ | ᠰᠣᠶᠣᠯ ᠲᠠᠮᠢᠷ ᠤᠨ ᠬᠦᠳᠡᠯᠪᠦᠷᠢ᠂ ᠬᠠᠤᠯᠢ ᠶᠢᠨ ᠲᠤᠰᠠᠯᠠᠮᠵᠢ᠂ ᠨᠡᠶᠢᠭᠡᠮ ᠤᠨ ᠠᠪᠤᠷᠠᠨ ᠲᠤᠰᠠᠯᠠᠯᠲᠠ᠂ ᠪᠠᠴᠢᠮ | ᠠᠪᠤᠷᠠᠨ ᠲᠤᠰᠠᠯᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠳᠤ ᠢᠳᠡᠪᠬᠢᠲᠡᠢ ᠤᠷᠤᠯᠴᠠᠨ᠎ᠠ᠃ ᠡᠭᠦᠨ ᠤ ᠬᠠᠮᠲᠤ᠂ ᠭᠡᠷ ᠲᠡᠭᠡᠨ ᠬᠤᠴᠣᠷᠤᠭᠰᠠᠨ ᠨᠠᠰᠤᠳᠠᠶᠢᠴᠤᠳ᠂ | ᠬᠡᠦᠬᠡᠳ᠂ ᠵᠡᠮᠳᠡᠭᠴᠦᠳ ᠵᠡᠷᠭᠡ ᠣᠨᠴᠠᠭᠠᠶ ᠬᠠᠮᠲᠤᠯᠢᠭ ᠲᠤ ᠬᠠᠨᠳᠤᠵᠤ᠂ ᠡᠮᠴᠢᠯᠡᠭᠡ ᠡᠷᠡᠭᠦᠯᠵᠢᠯ᠂ ᠠᠮᠢᠳᠤᠷᠠᠯ ᠤᠨ | ᠬᠠᠷᠠᠭᠠᠯᠵᠠᠯ᠂ ᠰᠤᠷᠤᠯᠭ᠎ᠠ ᠶᠢᠨ ᠬᠠᠪᠰᠤᠷᠤᠨ ᠵᠢᠯᠣᠭᠤᠳᠤᠯᠭ᠎ᠠ᠂ ᠠᠶᠢᠯ ᠬᠦᠷᠰᠢ ᠶᠢᠨ ᠬᠠᠪᠰᠤᠷᠤᠯᠴᠠᠭ᠎ᠠ ᠵᠡᠷᠭᠡ | ᠰᠠᠶᠢᠨ ᠳᠤᠷ᠎ᠠ ᠶᠢᠨ ᠦᠢᠯᠡᠴᠢᠯᠡᠭᠡ ᠶᠢ ᠦᠷᠨᠢᠬᠦᠯᠦᠨ᠂ ︽ᠨᠢᠭᠡ ᠨᠢ ᠬᠦᠴᠢᠷᠳᠡᠪᠡᠯ ᠨᠡᠶᠢᠳᠡ ᠪᠠᠷ ᠢᠶᠠᠨ ᠬᠠᠪᠰᠤᠷᠬᠤ | ᠬᠠᠶᠢᠷ᠎ᠠ ᠬᠠᠯᠠᠮᠵᠢ ᠪᠠᠷ ᠬᠦᠮᠦᠨ ᠤ ᠰᠡᠳᠬᠢᠯ ᠢ ᠲᠤᠯᠠᠭᠠᠯᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠨ᠎ᠠ᠃ | ᠭᠤᠷᠪᠠ᠂ ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠵᠤ᠂ ᠰᠢᠨ᠎ᠡ ᠴᠠᠭ ᠦᠶ᠎ᠡ ᠶᠢᠨ ︽ᠪᠣᠯᠪᠠᠰᠤᠨ | ᠬᠤᠳᠠ︾ ᠶᠢᠨ ᠴᠤᠭᠴᠠᠯᠠᠭᠴᠢ ᠪᠤᠯᠵᠠᠭᠠᠶ᠎ᠠ᠃ ᠡᠯ᠎ᠡ ᠪᠠᠶᠢᠭᠤᠯᠭ᠎ᠠ ᠨᠢᠬᠡᠴᠡ ᠨᠢ ᠨᠠᠮ ᠤᠨ ᠭᠡᠰᠢᠭᠦᠨ ᠺᠠᠳ᠋ᠷᠴᠤᠳ | ᠢᠶᠠᠨ ᠵᠣᠬᠢᠶᠠᠨ ᠪᠠᠶᠢᠭᠤᠯᠵᠤ ᠲᠠᠭᠠᠭᠠᠴᠢᠯᠠᠭᠰᠠᠨ ᠰᠠᠭᠤᠭᠠᠯᠢ ᠲᠣᠭᠤᠷᠢᠭ ᠲᠠᠭᠠᠨ ᠭᠦᠨᠵᠡᠭᠡᠶᠢᠷᠡᠨ᠂ ᠠᠰᠠᠷ ᠤᠨ | ᠭᠤᠳᠤᠮᠵᠢ ᠳᠠᠬᠢ ᠤᠪᠤᠭᠠᠯᠠᠭᠰᠠᠨ ᠶᠠᠭᠤᠮ᠎ᠠ ᠶᠢ ᠴᠡᠪᠡᠷᠯᠡᠬᠦ᠂ ᠨᠡᠶᠢᠲᠡ ᠶᠢᠨ ᠲᠦᠬᠦᠭᠡᠷᠦᠮᠵᠢ ᠶᠢ ᠰᠡᠯᠪᠢᠨ ᠵᠠᠰᠠᠬᠤ᠂ | ᠬᠤᠭ ᠨᠣᠪᠰᠢ ᠪᠠᠨ ᠲᠥᠷᠥᠯ ᠬᠤᠪᠢᠶᠠᠬᠤ ᠶᠢ ᠤᠬᠠᠭᠤᠯᠬᠤ᠂ ᠪᠣᠯᠪᠠᠰᠤᠨ ᠰᠢᠨ᠎ᠡ ᠰᠤᠷᠲᠠᠯ ᠢ ᠤᠷᠢᠶᠠᠯᠠᠬᠤ ᠵᠡᠷᠭᠡ | ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ︽ᠪᠥᠬᠦ | ᠠᠷᠠᠳ ᠢᠶᠠᠷ ᠢᠶᠠᠨ ᠬᠠᠮᠲᠤ ᠪᠠᠷ ᠪᠠᠶᠢᠭᠤᠯᠬᠤ︾ ᠪᠣᠯᠪᠠᠰᠤᠨ ᠬᠤᠲᠠ ᠶᠢᠨ ᠪᠠᠶᠢᠭᠤᠯᠤᠯᠳᠠ ᠶᠢᠨ ᠤᠶᠢᠯᠠᠭᠠᠭᠳᠠᠬᠤᠨ ᠢ | ᠥᠷᠭᠡᠨ ᠢᠶᠠᠷ ᠤᠬᠠᠭᠤᠯᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠤᠬᠠᠢ ᠠᠷᠠᠳ ᠢᠷᠭᠡᠳ ᠤᠨ | ᠤᠶᠢᠯᠠᠭᠠᠮᠵᠢ ᠶᠢᠨ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠲᠡᠭᠡᠭᠰᠢᠯᠡᠬᠦᠯᠦᠨ᠎ᠡ᠃ ᠡᠭᠦᠨ ᠤ ᠬᠠᠮᠲᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠤᠨ᠂ ᠵᠠᠩ ᠳᠠᠳᠬᠠᠯ ᠢ ᠢᠳᠬᠠᠨ | ᠦᠬᠡᠷᠡᠴᠢᠯᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠥᠷᠨᠢᠭᠦᠯᠵᠦ᠂ ᠣᠯᠠᠨ ᠲᠦᠮᠡᠨ ᠢ ᠬᠥᠲᠥᠯᠥᠨ | ᠵᠢᠯᠤᠭᠤᠳᠴᠤ ᠪᠠᠶᠢᠭᠠᠳ ᠤᠯᠠᠭᠠᠨ ᠤ ᠶᠠᠪᠤᠳᠠᠯ ᠢ ᠰᠢᠨ᠎ᠡ ᠮᠠᠶ᠋ᠢᠭ ᠢᠶᠠᠷ ᠡᠷᠭᠢᠯᠡᠬᠦ᠂ ᠴᠠᠭᠠᠨ ᠤ ᠶᠠᠪᠤᠳᠠᠯ ᠢ | ᠳᠥᠭᠦᠮᠴᠢᠯᠡᠨ ᠭᠦᠢᠴᠡᠳᠬᠡᠬᠦ᠂ ᠠᠰᠠᠷᠠᠮᠵᠢ ᠶᠢ ᠴᠢᠬᠤᠯᠠᠴᠢᠯᠠᠵᠤ ᠤᠷᠤᠰᠢᠭᠤᠯᠭ᠎ᠠ ᠶᠢ ᠲᠦᠬᠦᠮᠴᠢᠯᠡᠬᠦ ᠵᠠᠩ ᠲᠠᠳᠬᠠᠯ | ᠲᠠᠢ ᠪᠤᠯᠭᠠᠨ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ ᠡᠪᠳᠡᠵᠦ᠂ ᠪᠣᠯᠪᠠᠰᠤᠨ ᠰᠢᠨ᠎ᠡ ᠰᠤᠷᠲᠠᠯ ᠢ ᠪᠣᠶ | ᠪᠤᠯᠭᠠᠨ᠎ᠠ᠃ | ᠳᠥᠷᠪᠡ᠂ ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠵᠤ᠂ ᠰᠢᠨ᠎ᠡ ᠴᠠᠭ ᠦᠶ᠎ᠡ ᠶᠢᠨ ︽ᠯᠧᠢ | ᠹᠧᠩ ᠤᠨ ᠵᠠᠯᠭᠠᠮᠵᠢᠯᠠᠯ︾ ᠤᠨ ᠠᠬᠢᠭᠤᠯᠤᠭᠴᠢ ᠪᠤᠯᠵᠠᠭᠠᠶ᠎ᠠ᠃ ᠡᠯ᠎ᠡ ᠰᠤᠷᠭᠠᠭᠤᠯᠢ ᠨᠤᠭᠤᠳ ᠨᠢ ᠯᠧᠢ ᠹᠧᠩ ᠤᠨ | ᠵᠣᠷᠢᠭ ᠰᠠᠨᠠᠭ᠎ᠠ ᠶᠢ ᠪᠠᠳᠠᠷᠠᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠶᠠᠪᠤᠳᠠᠯ ᠢ ᠪᠣᠯᠪᠠᠰᠤᠨ | ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠳᠠ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠳᠠ | ᠶᠢᠨ ᠴᠢᠬᠤᠯᠠ ᠠᠭᠤᠯᠭ᠎ᠠ ᠪᠣᠯᠭᠠᠵᠤ᠂ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ | ᠠᠩᠭᠢ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠯᠧᠢ | ᠹᠧᠩ ᠤᠨ ᠵᠣᠷᠢᠭ ᠰᠠᠨᠠᠭᠠᠨ ᠤ ᠲᠤᠬᠠᠢ ᠨᠢᠭᠡ ᠤᠳᠠᠭᠠᠨ ᠤ ᠭᠦᠨᠵᠡᠭᠡᠢ ᠤᠬᠠᠭᠤᠯᠭ᠎ᠠ ᠬᠥᠮᠦᠵᠢᠯ ᠢ ᠬᠢᠨ᠎ᠡ᠃ | ᠵᠠᠯᠠᠭᠤᠴᠤᠳ ᠪᠠᠭᠠᠴᠤᠳ ᠤᠨ ᠯᠧᠢ ᠹᠧᠩ ᠠᠴᠠ ᠰᠤᠷᠤᠯᠴᠠᠬᠤ ᠨᠢᠷᠤᠭᠤᠪᠴᠢ ᠬᠦᠴᠦᠨ ᠤ ᠦᠢᠯᠡᠳᠦᠯ ᠢ ᠭᠦᠢᠴᠡᠳ | ᠪᠠᠳᠠᠷᠠᠭᠤᠯᠤᠨ᠂ ᠯᠧᠢ ᠹᠧᠩ ᠠᠴᠠ ᠰᠤᠷᠤᠯᠴᠠᠬᠤ ᠭᠤᠣᠯ ᠰᠡᠳᠦᠪᠲᠦ ᠡᠪᠯᠡᠯ ᠤᠨ ᠡᠳᠦᠷ᠂ ᠭᠤᠣᠯ ᠰᠡᠳᠦᠪᠲᠦ | ᠠᠩᠬᠢ ᠶᠢᠨ ᠡᠳᠦᠷ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠭᠤᠣᠯ ᠰᠡᠳᠦᠪᠲᠦ ᠤᠬᠠᠭᠤᠯᠭ᠎ᠠ | ᠲᠠᠶᠢᠯᠤᠮᠵᠢ ᠵᠢᠴᠢ ᠨᠣᠮ ᠤᠩᠰᠢᠵᠤ ᠵᠣᠬᠢᠶᠠᠯ ᠪᠢᠴᠢᠬᠦ᠂ ᠵᠢᠷᠤᠭ ᠵᠢᠷᠤᠵᠤ ᠰᠢᠯᠦᠭ ᠤᠶᠠᠩᠭᠠᠯᠠᠬᠤ᠂ ᠤᠷᠠᠨ | ᠰᠠᠶᠢᠬᠠᠨ ᠤ ᠲᠣᠭᠯᠠᠯᠲᠠ ᠭᠠᠷᠭᠠᠬᠤ ᠵᠡᠷᠭᠡ ᠡᠯ᠎ᠡ ᠲᠦᠷᠦᠯ ᠤᠨ ᠭᠤᠣᠯ ᠰᠡᠳᠦᠪᠲᠦ ᠦᠢᠯᠡᠳᠦᠯᠭᠡ ᠶᠢᠨ | ᠠᠵᠢᠯᠯᠠᠭ᠎ᠠ ᠪᠠᠷ ᠳᠠᠮᠵᠢᠨ᠂ ᠥᠷᠭᠡᠨ ᠤᠯᠠᠨ ᠪᠠᠭᠰᠢ ᠰᠤᠷᠤᠭᠴᠢᠳ ᠢ ᠢᠳᠡᠪᠬᠢᠲᠡᠢ ᠲᠠᠶᠢᠴᠢᠯᠠᠨ ᠣᠷᠣᠯᠴᠠᠭᠤᠯᠵᠤ᠂ | ᠰᠤᠷᠤᠭᠴᠢᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠤᠬᠠᠮᠰᠠᠷ ᠢ ᠴᠢᠩᠭᠠᠳᠬᠠᠨ᠎ᠠ᠃ | ᠯᠧᠢ ᠹᠧᠩ ᠤᠨ ᠵᠣᠷᠢᠭ ᠰᠠᠨᠠᠭ᠎ᠠ ᠶᠢ ᠬᠥᠮᠥᠨ ᠪᠦᠬᠦᠨ ᠰᠤᠷᠴᠤ ᠪᠣᠯᠣᠨ᠎ᠠ᠂ ᠬᠠᠶᠢᠷ᠎ᠠ ᠬᠠᠯᠠᠮᠵᠢ ᠶᠢᠨ ᠦᠢᠯᠡ | ᠶᠢ ᠬᠠᠮᠢᠭ᠎ᠠ ᠭᠠᠵᠠᠷ ᠲᠤ ᠴᠤ ᠬᠢᠵᠦ ᠪᠣᠯᠣᠨ᠎ᠠ᠃ ᠪᠦᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ᠂ | ᠺᠠᠳ᠋ᠷ᠂ ᠣᠯᠠᠨ ᠲᠦᠮᠡᠨ᠂ ᠰᠠᠶᠢᠨ ᠲᠤᠷᠠᠳᠠᠳ ᠢᠳᠡᠪᠬᠢᠲᠡᠢ ᠪᠠᠷ ᠬᠥᠳᠡᠯᠦᠯᠴᠡᠨ᠂ ᠠᠮᠢᠳᠤᠷᠠᠯ ᠤᠨ ᠵᠢᠵᠢᠭ ᠰᠠᠵᠢᠭ | ᠵᠦᠢᠯ ᠠᠴᠠ ᠭᠠᠷᠳᠠᠵᠤ᠂ ᠠᠵᠢᠯ ᠤᠨ ᠪᠠᠶᠢᠷᠢ ᠠᠴᠠ ᠪᠠᠨ ᠡᠬᠢᠯᠡᠨ ᠬᠢᠵᠦ᠂ ᠯᠧᠢ ᠹᠧᠩ ᠤᠨ ᠵᠣᠷᠢᠭ ᠰᠠᠨᠠᠭ᠎ᠠ ᠶᠢ | ᠦᠢᠯᠡᠳᠦᠯᠬᠡᠵᠢᠬᠦᠯᠦᠨ᠂ ᠰᠠᠶᠢᠨ ᠳᠤᠷ᠎ᠠ ᠶᠢᠨ ᠦᠢᠯᠡᠴᠢᠯᠡᠭᠡ ᠪᠠᠷ ᠢᠶᠠᠨ ᠲᠠᠶᠢᠹᠤᠰᠧ ᠬᠤᠰᠢᠭᠤᠨ ᠳᠠᠭᠠᠨ ᠥᠩᠭᠡ | ᠪᠤᠳᠤᠭ ᠨᠡᠮᠡᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠯᠧᠢ ᠹᠧᠩ ᠤᠨ ᠦᠯᠢᠭᠡᠷ ᠢ | ᠪᠢᠴᠢᠭᠯᠡᠬᠦ ᠶᠢ ᠬᠦᠰᠡᠵᠦ ᠪᠠᠶᠢᠨᠠᠮ ︕ | | | ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ | ᠲᠠᠶᠢᠹᠤᠰᠧ ᠬᠤᠰᠢᠭᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ | ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ | ᠦᠷᠳᠡᠭᠡ | 2023 ᠣᠨ ᠤ 3 ᠰᠠᠷ᠎ᠠ ᠶᠢᠨ 1 ᠤ ᠡᠳᠦᠷ | |