ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2023/3/20
  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ᠡᠯ᠎ᠡ ᠱᠠᠲᠤᠨ ᠤ ᠤᠯᠤᠰ ᠲᠥᠷᠥ ᠬᠠᠤᠯᠢ ᠴᠠᠭᠠᠵᠠ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 3 ᠰᠠᠷ᠎ᠠ ᠶᠢᠨ 17 ᠤ ᠡᠳᠦᠷ ᠲᠠᠶᠢᠹᠤᠰᠧ ᠬᠤᠰᠢᠭᠤ 2023 ᠣᠨ ᠤ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠪᠠ᠃ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠳᠠᠷᠤᠭ᠎ᠠ ᠸᠠᠩ ᠵᠢᠦᠢ ᠰᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  260 ᠺᠠᠳ᠋ᠷ ᠴᠠᠭᠳᠠᠭ᠎ᠠ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠸᠠᠩ ᠵᠢᠦᠢ ᠰᠢ ᠳᠣᠲᠣᠭᠠᠳᠤ ᠶᠢ ᠬᠠᠮᠠᠭᠠᠯᠠᠬᠤ ᠠᠵᠢᠯ ᠤᠨ ᠮᠡᠳᠡᠭᠦᠯᠦᠯᠲᠡ ᠬᠢᠵᠦ᠂ 2022 ᠣᠨ ᠤ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠳ᠋ᠦᠩᠨᠡᠨ᠂ ᠣᠳᠣᠬᠠᠨ ᠤ ᠪᠠᠶᠢᠳᠠᠯ ᠳᠤ ᠭᠦᠨᠵᠡᠭᠡᠢ ᠵᠠᠳᠠᠯᠤᠯᠳᠠ ᠬᠢᠵᠦ᠂ 2023 ᠣᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠪᠠᠶᠢᠷᠢᠯᠠᠭᠤᠯᠤᠭᠰᠠᠨ ᠤ ᠬᠠᠮᠳᠤ᠂  ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠲᠦᠷᠦᠯ ᠤᠨ ᠠᠵᠢᠯ ᠢ ᠪᠥᠬᠦ ᠬᠦᠴᠦᠨ ᠢᠶᠠᠷ  ᠰᠠᠶᠢᠲᠤᠷ ᠠᠳᠬᠤᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠵᠦ᠂  ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠬᠤᠷᠠᠯ  ᠲᠡᠭᠡᠷ᠎ᠡ᠂ ︽2022 ᠣᠨ ᠤ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠭᠠᠪᠢᠶ᠎ᠠ ᠪᠠᠶᠢᠭᠤᠯᠵᠤ ᠱᠠᠩᠨᠠᠯ ᠬᠦᠷᠳᠡᠭᠰᠡᠨ ᠪᠠᠶᠢᠳᠠᠯ  ᠤᠨ ᠲᠤᠬᠠᠢ ᠮᠡᠳᠡᠭᠳᠡᠯ︾᠂ ︽2022 ᠣᠨ ᠤ ᠲᠡᠷᠢᠭᠦᠨ ᠤ ᠬᠠᠮᠲᠤ᠂ ᠲᠡᠷᠢᠭᠦᠨ ᠤ ᠬᠤᠪᠢ ᠬᠥᠮᠥᠨ ᠪᠠ ᠬᠢᠵᠢᠭ  ᠰᠡᠷᠭᠡᠶᠢᠯᠡᠬᠦ ᠠᠵᠢᠯ ᠤᠨ ᠲᠡᠷᠢᠭᠦᠨ ᠤ ᠬᠤᠪᠢ ᠬᠥᠮᠥᠨ ᠢ  ᠰᠠᠶᠢᠰᠢᠶᠠᠨ ᠬᠦᠭᠢᠬᠦᠯᠬᠦ ᠲᠤᠬᠠᠢ ᠵᠠᠷᠯᠢᠭ︾ ᠢ ᠤᠩᠰᠢᠨ ᠨᠡᠶᠢᠲᠡᠯᠡᠭᠰᠡᠨ ᠪᠥᠭᠡᠳ ᠱᠠᠩᠨᠠᠯ ᠭᠥᠷᠳᠡᠭᠰᠡᠨ ᠲᠡᠷᠢᠭᠦᠨ ᠤ ᠬᠠᠮᠲᠤ ᠪᠠ ᠬᠤᠪᠢ ᠬᠥᠮᠥᠨ ᠳᠤ ᠦᠨᠡᠮᠯᠡᠯ ᠣᠯᠭᠤᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号