ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠨᠠᠮ ᠤᠨ ᠰᠤᠷᠲᠠᠯ ᠴᠢᠬᠡᠴᠢ ᠵᠠᠰᠠᠭ  ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/20
    ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠤᠯᠠᠮ ᠴᠢᠩᠭᠠᠳᠬᠠᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ᠂ ᠴᠠᠭᠳᠠᠭ᠎ᠠ ᠶᠢ ᠪᠥᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠭᠦᠨᠵᠡᠭᠡᠶᠢᠷᠡᠭᠦᠯᠦᠨ  ᠠᠬᠢᠭᠤᠯᠬᠤ ᠶᠢᠨ ᠲᠥᠯᠥᠭᠡ᠂ 3 ᠰᠠᠷ᠎ᠠ ᠶᠢᠨ 17 ᠤ ᠡᠳᠦᠷ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ  ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠤᠨ ᠬᠤᠷᠠᠯ ᠬᠤᠷᠠᠯᠳᠤᠭᠤᠯᠪᠠ᠃ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠳᠠᠷᠤᠭ᠎ᠠ ᠸᠠᠩ ᠵᠢᠦᠢ ᠰᠢ ᠬᠤᠷᠠᠯ ᠳᠤ ᠣᠷᠣᠯᠴᠠᠵᠤ ᠶᠠᠷᠢᠶ᠎ᠠ  ᠲᠠᠯᠪᠢᠬᠤ ᠳᠠᠭᠠᠨ᠂  ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂  ᠴᠢᠩᠭ᠎ᠠ ᠪᠠᠶᠢᠬᠤ ᠭᠤᠣᠯ ᠬᠥᠭ ᠠᠶᠠᠰ ᠢ ᠪᠠᠷᠢᠮᠳᠠᠯᠠᠨ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭ᠎ᠠ ᠠᠳᠬᠤᠵᠤ᠂ ᠡᠩᠨᠡᠭᠡᠨ ᠤ ᠬᠠᠮᠢᠶᠠᠷᠤᠯᠲᠠ ᠶᠢ ᠢᠮᠠᠭᠲᠠ ᠴᠢᠩᠭᠠᠳᠬᠠᠨ᠂ ᠤᠯᠤᠰ ᠲᠦᠷᠦ ᠶᠢᠨ ᠤᠬᠠᠮᠰᠠᠷ ᠴᠢᠩᠭ᠎ᠠ ᠪᠤᠰᠤ᠂ ᠬᠦᠰᠡᠯᠡᠩ ᠢᠲᠡᠭᠡᠯ ᠵᠣᠷᠢᠭ ᠪᠠᠲᠤ ᠪᠤᠰᠤ᠂ ᠰᠤᠷᠤᠯᠴᠠᠬᠤ ᠰᠤᠷᠲᠠᠯ ᠲᠤᠷᠤᠢ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠦᠭᠡᠢ᠂ ᠠᠵᠢᠯ ᠤᠨ ᠪᠠᠷᠢᠮᠵᠢᠶ᠎ᠠ ᠥᠨᠳᠥᠷ ᠪᠤᠰᠤ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠦᠭᠡᠢ᠂ ᠬᠠᠷᠢᠭᠤᠴᠠᠯᠭ᠎ᠠ ᠡᠭᠦᠷᠭᠡᠯᠡᠬᠦ ᠳᠤᠷ᠎ᠠ ᠦᠭᠡᠢ᠂ ᠬᠠᠷᠢᠭᠤᠴᠠᠯᠭ᠎ᠠ ᠡᠭᠦᠷᠭᠡᠯᠡᠵᠦ ᠴᠢᠳᠠᠬᠤ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠪᠥᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠲᠠᠰᠤᠷᠠᠯᠳᠠ ᠦᠬᠡᠢ ᠭᠦᠨᠵᠡᠭᠡᠶᠢᠷᠡᠭᠦᠯᠦᠨ ᠠᠬᠢᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠬᠦᠷᠭᠡᠯᠡᠳᠡᠭ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ︽ᠲᠡᠮᠦᠷ ᠴᠡᠷᠢᠭ︾ ᠢ ᠴᠢᠷᠮᠠᠶᠢᠨ ᠪᠠᠶᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠢᠭᠡ ᠭᠠᠵᠠᠷ ᠣᠷᠣᠨ ᠤ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢ ᠡᠬᠦᠷᠭᠡᠯᠡᠨ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠳᠤᠯᠠᠭ᠎ᠠ ᠬᠠᠩᠭᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠪᠦᠬᠦ  ᠺᠠᠳ᠋ᠷ ᠴᠠᠭᠳᠠᠭ᠎ᠠ ᠬᠤᠷᠠᠯ ᠳᠤ ᠣᠷᠣᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号