ᠵᠤᠤ ᠹᠧᠢ ᠫᠧᠩ ᠰᠢᠩ ᠹᠦ᠋ ᠰᠢᠶᠠᠩ ᠳᠤ ᠪᠠᠶᠢᠴᠠᠭᠠᠨ ᠰᠤᠳᠤᠯᠤᠯᠳᠠ ᠬᠢᠭᠰᠡᠨ
ᠨᠡᠶᠢᠲᠡᠯᠡᠭᠰᠡᠨ ᠴᠠᠭ᠄
2023/3/20
   3 ᠰᠠᠷ᠎ᠠ ᠶᠢᠨ 17 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠰᠢᠩ ᠹᠦ᠋ ᠰᠢᠶᠠᠩ ᠤᠨ  ᠴᠦᠩ ᠭᠤᠸᠠᠩ ᠲᠣᠰᠬᠤᠨ ᠳᠤ ᠬᠦᠨᠵᠡᠬᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠪᠠᠶᠢᠭᠤᠯᠤᠯᠲᠠ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠡᠢ᠃ ᠶᠠᠷᠢᠯᠴᠠᠬᠤ ᠬᠤᠷᠠᠯ ᠳᠡᠭᠡᠷ᠎ᠡ᠂ ᠵᠤᠤ ᠹᠧᠢ ᠫᠧᠩ ᠰᠢᠶᠠᠩ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠠᠬᠢᠴᠠ ᠶᠢ ᠨᠠᠷᠢᠨ  ᠲᠤᠳᠤᠷᠬᠠᠢ ᠤᠶᠢᠯᠠᠭᠠᠭᠰᠠᠨ ᠤ ᠲᠠᠷᠠᠭ᠎ᠠ᠂ ᠠᠵᠤ ᠦᠢᠯᠡᠰ ᠤᠨ ᠬᠥᠭᠵᠢᠯᠲᠡ᠂ ᠲᠦᠷᠦᠯ ᠵᠦᠢᠯ ᠤᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂  ᠤᠨᠴᠠᠯᠢᠭ ᠳᠠᠪᠠᠭᠤᠯᠢᠭ ᠲᠠᠭᠠᠨ ᠰᠠᠭᠤᠷᠢᠯᠠᠨ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠪᠣᠯ ᠲᠣᠰᠬᠤᠨ ᠢ  ᠬᠦᠴᠦᠷᠭᠡᠭᠵᠢᠬᠦᠯᠵᠦ ᠠᠷᠠᠳ ᠢ ᠪᠠᠶᠠᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠳᠤ ᠵᠠᠪᠠᠯ ᠶᠠᠪᠤᠬᠤ ᠵᠠᠮ ᠮᠦᠨ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠢ ᠵᠣᠬᠢᠶᠠᠨ ᠪᠠᠶᠢᠭᠤᠯᠵᠤ ᠲᠠᠶᠢᠴᠢᠯᠠᠨ᠂  ᠬᠠᠮᠲᠤ ᠶᠢᠨ ᠠᠵᠤ ᠠᠬᠤᠢ ᠶᠢᠨ ᠦᠷ᠎ᠡ ᠪᠦᠲᠦᠭᠡᠯ ᠢ ᠪᠣᠳᠠᠲᠠᠢ ᠭᠠᠵᠠᠷ ᠲᠤ ᠬᠡᠷᠡᠭᠯᠡᠬᠦ᠂ ᠤᠯᠠᠨ ᠲᠦᠮᠡᠨ ᠳᠤ ᠠᠰᠢᠭ ᠬᠦᠷᠲᠡᠭᠡᠬᠦ ᠶᠢ ᠪᠠᠲᠤᠯᠠᠵᠤ᠂ ᠤᠯᠠᠨ ᠲᠦᠮᠡᠨ ᠤ ᠠᠵᠠ ᠵᠢᠷᠭᠠᠯ ᠤᠨ ᠲᠥᠷᠥᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠵᠣᠣ ᠹᠧᠢ ᠫᠧᠩ ᠪᠠᠶᠢᠴᠠᠭᠠᠨ ᠰᠤᠳᠤᠯᠬᠤ ᠶᠠᠪᠤᠴᠠ ᠳᠠᠭᠠᠨ ᠴᠥᠩ ᠭᠤᠸᠠᠩ ᠲᠣᠰᠬᠤᠨ ᠤ ᠢᠳᠡᠰᠢᠨ ᠨᠤᠭᠤᠭᠠᠨ ᠤ ᠰᠡᠷᠢᠬᠦᠨ ᠬᠥᠮᠥᠷᠭᠡ  ᠳᠤ ᠬᠦᠷᠴᠦ᠂  ᠲᠠᠷᠠᠭ᠎ᠠ ᠠᠯᠬᠤᠮ ᠤᠨ ᠠᠰᠢᠭᠯᠠᠯᠲᠠ ᠳᠤ ᠣᠷᠣᠭᠤᠯᠬᠤ ᠠᠵᠢᠯ ᠤᠨ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃ ᠵᠣᠣ ᠹᠧᠢ ᠫᠧᠩ ᠱᠠᠭᠠᠷᠳᠠᠬᠤ ᠳᠠᠭᠠᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠬᠦᠷᠭᠡᠯᠡᠨ ᠰᠠᠨᠠᠭᠠᠴᠢᠯᠠᠭ᠎ᠠ   ᠠᠴᠠ ᠪᠠᠨ ᠠᠵᠢᠯᠯᠠᠵᠤ᠂ ᠬᠠᠮᠵᠢᠯᠴᠠᠭ᠎ᠠ᠂ ᠵᠤᠬᠢᠴᠠᠭᠤᠯᠭ᠎ᠠ᠂ ᠦᠢᠯᠡᠴᠢᠯᠡᠭᠡ ᠪᠠᠨ ᠰᠠᠶᠢᠲᠤᠷ ᠬᠢᠵᠦ᠂ ᠲᠥᠷᠥᠯ ᠵᠦᠢᠯ ᠤᠨ ᠲᠦᠯᠦᠪᠯᠡᠭᠡ ᠶᠣᠰᠣᠭᠠᠷ ᠤᠷᠤᠭᠰᠢᠲᠠᠢ ᠠᠬᠢᠬᠤ ᠶᠢ ᠪᠠᠳᠤᠯᠠᠨ᠂ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ  ᠤᠷᠤᠭᠤᠯᠵᠤ᠂ ᠣᠯᠠᠨ ᠲᠦᠮᠡᠨ ᠳᠤ ᠠᠰᠢᠭ ᠬᠦᠷᠳᠡᠭᠡᠨ  ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ ᠵᠤᠤ ᠬᠠᠢ ᠯᠢ᠂ ᠯᠢ ᠵᠠᠨ ᠪᠦᠦ ᠪᠤᠯᠤᠨ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂  ᠰᠢᠩ ᠹᠦ᠋ ᠰᠢᠶᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号