ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/3/20
          ᠵᠠᠰᠠᠭ ᠤᠨ ᠣᠷᠳᠣᠨ ᠤ ᠠᠵᠢᠯ ᠤᠨ ᠢᠯᠡᠳᠬᠡᠯ                       — 2023 ᠣᠨ ᠤ 3 ᠰᠠᠷ᠎ᠠ ᠶᠢᠨ 5 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ            ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ   ᠯᠢ ᠺᠧ ᠴᠢᠶᠠᠩᠲᠥᠯᠥᠭᠡᠯᠡᠭᠴᠢᠳ ᠠ᠋᠄      ᠲᠣᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭ᠎ᠠ ᠤᠳᠠᠯ ᠦᠭᠡᠢ ᠳᠠᠭᠤᠰᠬᠤ ᠭᠡᠵᠦ ᠪᠠᠶᠢᠨ᠎ᠠ᠃ ᠤᠳᠤ ᠪᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠴᠦ ᠰᠠᠨᠠᠯ ᠢᠶᠠᠨ ᠳᠤᠷᠠᠳᠬᠤ ᠪᠣᠯᠪᠠ ᠤᠤ᠃      ᠨᠢᠭᠡ᠂ ᠥᠩᠭᠡᠷᠡᠭᠰᠡᠨ ᠨᠢᠭᠡ ᠵᠢᠯ ᠪᠠ ᠲᠠᠪᠤᠨ ᠵᠢᠯ ᠤᠨ ᠠᠵᠢᠯ ᠤᠨ ᠡᠷᠭᠢᠴᠡᠭᠦᠯᠦᠯ      2022 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠲᠤᠶᠢᠯ ᠤᠨ ᠴᠢᠬᠤᠯᠠ ᠨᠢᠭᠡ ᠵᠢᠯ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠢᠯᠠᠯᠲᠠ ᠲᠠᠢ ᠪᠠᠷ ᠬᠤᠷᠠᠯᠳᠤᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠵᠢᠷᠤᠭ ᠲᠥᠰᠥᠪ ᠢ ᠵᠢᠷᠤᠭᠯᠠᠪᠠ᠃ ᠰᠠᠯᠬᠢ ᠳᠠᠪᠠᠯᠭᠠᠨ ᠶᠡᠬᠡᠲᠡᠢ ᠣᠯᠠᠨ ᠤᠯᠤᠰ ᠤᠨ ᠣᠷᠴᠢᠨ ᠨᠥᠬᠦᠴᠡᠯ ᠪᠣᠯᠣᠨ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠬᠠᠲᠠᠭᠤ ᠪᠡᠷᠬᠡ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ᠂ ᠬᠢᠵᠢᠭ ᠢ ᠰᠡᠷᠭᠡᠶᠢᠯᠡᠵᠦ ᠴᠢᠳᠠᠬᠤ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠠᠮᠤᠷ ᠲᠦᠪᠰᠢᠨ ᠢᠶᠠᠷ ᠬᠥᠭᠵᠢᠭᠦᠯᠬᠦ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ ᠠᠵᠢᠯᠯᠠᠭᠠᠨ ᠢ ᠲᠣᠭᠲᠠᠭᠤᠨ ᠢᠶᠠᠷ ᠶᠠᠪᠤᠭᠳᠠᠭᠤᠯᠬᠤ᠂ ᠬᠥᠭᠵᠢᠯᠲᠡ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠭᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠬᠤ ᠶᠢ ᠪᠡᠶᠡᠯᠡᠭᠦᠯᠦᠭᠡᠳ᠂ ᠮᠠᠨ ᠤ ᠤᠯᠤᠰ ᠤᠨ ᠬᠥᠭᠵᠢᠯᠲᠡ ᠲᠤᠶᠢᠯ ᠤᠨ ᠭᠢᠯᠪᠠᠷ ᠪᠤᠰᠤ ᠰᠢᠨ᠎ᠡ ᠠᠮᠵᠢᠯᠲᠠ ᠪᠦᠲᠦᠮᠵᠢ ᠶᠢ ᠣᠯᠪᠠ᠃      ᠥᠩᠭᠡᠷᠡᠭᠰᠡᠨ ᠨᠢᠭᠡ ᠵᠢᠯ ᠳᠤ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠬᠢᠵᠢᠭ ᠤᠨ ᠪᠠᠶᠢᠳᠠᠯ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠤᠯᠠᠨ ᠳᠠᠪᠬᠤᠷ ᠵᠢᠱᠢᠯᠲᠡ ᠠᠴᠠ ᠳᠠᠪᠠᠭᠰᠠᠨ ᠬᠦᠴᠦᠨ ᠵᠦᠢᠯ ᠤᠨ ᠳᠠᠭᠠᠷᠢᠯᠲᠠ ᠳᠤ ᠤᠴᠠᠷᠠᠪᠠ᠃ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠵᠦ᠂ ᠸᠢᠷᠦ᠋ᠰ ᠤᠨ ᠬᠤᠪᠢᠷᠠᠯᠲᠠ ᠪᠣᠯᠣᠨ ᠬᠢᠵᠢᠭ ᠢ ᠰᠡᠷᠭᠡᠶᠢᠯᠡᠬᠦ ᠪᠠᠶᠢᠳᠠᠯ ᠢ ᠦᠨᠳᠦᠰᠦᠯᠡᠨ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠪᠠ᠃ ᠠᠵᠤ ᠠᠬᠤᠢ ᠶᠢᠨ ᠰᠢᠨ᠎ᠡ ᠪᠠᠭᠤᠷᠠᠯᠲᠠ ᠶᠢᠨ ᠳᠠᠷᠤᠯᠲᠠ ᠶᠢᠨ ᠡᠮᠦᠨ᠎ᠡ᠂ ᠡᠷᠡᠰ ᠰᠢᠭᠤᠷᠬᠠᠢ ᠪᠠᠷ ᠠᠷᠭᠠᠴᠠᠭᠠᠨ᠂ ᠴᠠᠭ ᠲᠤᠬᠠᠢ ᠳᠤᠨᠢ ᠲᠣᠬᠢᠷᠠᠭᠤᠯᠤᠨ ᠡᠵᠡᠮᠳᠡᠵᠦ᠂ ᠣᠷᠴᠢᠮ ᠤᠨ ᠵᠢᠯ ᠳᠤ ᠨᠥᠭᠡᠴᠡᠯᠡᠭᠰᠡᠨ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠨ᠂ ᠨᠢᠭᠡᠨᠲᠡ ᠲᠣᠭᠲᠠᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠷᠢᠳᠴᠢᠯᠠᠨ ᠬᠡᠷᠡᠭᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠤᠶᠢᠪᠢᠰᠢ ᠦᠭᠡᠢ ᠠᠬᠢᠭᠤᠯᠤᠨ᠂ ᠠᠵᠤ ᠠᠬᠤᠢ ᠶᠢ ᠲᠣᠭᠲᠠᠭᠤᠨ ᠪᠠᠶᠢᠯᠭᠠᠬᠤ ᠬᠠᠮ ᠲᠥᠷᠥ ᠶᠢᠨ ᠪᠣᠳᠣᠯᠭ᠎ᠠ ᠪᠣᠯᠣᠨ ᠵᠠᠯᠭᠠᠮᠵᠢ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠠᠵᠢᠯ ᠢ ᠪᠠᠶᠢᠷᠢᠯᠠᠭᠤᠯᠤᠨ᠂ ᠣᠷᠣᠨ ᠨᠤᠲᠤᠭ ᠤᠨ ᠬᠢᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠢᠨᠠᠨ ᠵᠢᠯᠤᠭᠤᠳᠬᠤ ᠪᠠ ᠲᠡᠭᠦᠨ ᠳᠤ ᠦᠢᠯᠡᠴᠢᠯᠡᠬᠦ ᠪᠠᠨ ᠴᠢᠩᠭᠠᠳᠬᠠᠵᠤ᠂ ᠡᠯ᠎ᠡ ᠭᠠᠵᠠᠷ ᠤᠨ ᠬᠢᠨ ᠤ ᠲᠥᠷᠥ ᠶᠢᠨ ᠪᠣᠳᠣᠯᠭ᠎ᠠ ᠶᠢᠨ ᠳᠠᠯᠳᠠ ᠬᠦᠴᠦᠨ ᠢ ᠠᠭᠤᠳᠠᠯᠬᠤ ᠪᠠᠷ ᠳᠡᠮᠵᠢᠨ᠂ ᠠᠵᠤ ᠠᠬᠤᠢ ᠶᠢᠨ ᠲᠣᠮᠣ ᠮᠤᠵᠢ ᠶᠢᠨ ᠵᠣᠷᠢᠭᠲᠠᠢ ᠪᠠᠷ ᠬᠦᠨᠳᠦ ᠡᠭᠦᠷᠭᠡ ᠡᠭᠦᠷᠭᠡᠯᠡᠬᠦ ᠶᠢ ᠳᠠᠮᠵᠢᠵᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠶᠢ ᠲᠣᠪᠤᠶᠢᠯᠭᠠᠨ᠂ ᠠᠵᠤ ᠠᠬᠤᠢ ᠶᠢᠨ ᠲᠣᠭᠲᠠᠪᠤᠷᠢᠵᠢᠨ ᠰᠡᠷᠭᠦᠨ ᠳᠡᠭᠡᠭᠰᠢᠯᠡᠬᠦ ᠶᠢ ᠠᠬᠢᠭᠤᠯᠪᠠ᠃ ᠪᠦᠭᠦ ᠵᠢᠯ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ 3% ᠪᠠᠷ ᠨᠡᠮᠡᠭᠳᠡᠵᠦ᠂ ᠬᠤᠲᠠ ᠪᠠᠯᠭᠠᠰᠤᠨ ᠳᠤ ᠠᠵᠢᠯ ᠣᠯᠣᠭᠰᠠᠨ ᠬᠥᠮᠥᠨ 1206 ᠲᠦᠮᠡ ᠰᠢᠨ᠎ᠡ ᠪᠠᠷ ᠨᠡᠮᠡᠭᠳᠡᠵᠦ᠂ ᠵᠢᠯ ᠤᠨ ᠡᠴᠦᠰ ᠤᠨ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ 5.5% ᠪᠤᠯᠲᠠᠯ᠎ᠠ ᠪᠠᠭᠤᠷᠠᠵᠤ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ 2% ᠢᠶᠠᠷ ᠥᠰᠪᠡ᠃ ᠡᠳ᠋ ᠪᠠᠷᠠᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 7.7% ᠪᠠᠷ ᠨᠡᠮᠡᠭᠳᠡᠪᠡ᠃ ᠡᠳ᠋ ᠤᠨ ᠵᠠᠰᠠᠭ ᠤᠨ ᠤᠯᠠᠭᠠᠨ ᠲᠤᠭ᠎ᠠ ᠶᠢᠨ ᠨᠤᠷᠮ᠎ᠠ ᠶᠢ 2.8% ᠪᠠᠷ ᠬᠢᠵᠠᠭᠠᠷᠯᠠᠵᠤ᠂ ᠲᠥᠪ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠲᠥᠰᠥᠪ ᠲᠤ ᠨᠡᠶᠢᠴᠡᠵᠦ᠂ ᠵᠠᠷᠤᠯᠭ᠎ᠠ ᠵᠢᠭᠠᠬᠠᠨ ᠦᠯᠡᠳᠡᠪᠦᠷᠢ ᠲᠠᠢ ᠪᠣᠯᠪᠠ᠃ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠲᠡᠩᠴᠡᠭᠦᠷᠢᠲᠡᠢ ᠪᠠᠶᠢᠵᠤ᠂ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠪᠦᠭᠦ ᠪᠥᠮᠪᠥᠷᠴᠡᠭ ᠤᠨ ᠭᠤᠣᠯ ᠭᠤᠣᠯ ᠵᠣᠭᠤᠰᠤᠨ ᠤ ᠳᠣᠲᠣᠷ᠎ᠠ ᠬᠠᠷᠢᠴᠠᠩᠭᠤᠢ ᠪᠠᠷ ᠲᠣᠭᠲᠠᠭᠤᠨ ᠪᠠᠶᠢᠨ᠎ᠠ᠃ ᠠᠮᠤ ᠪᠤᠳᠠᠭᠠᠨ ᠤ ᠤᠨᠠᠯᠲᠠ 1.37 ᠲᠦᠮᠡᠨ ᠳ᠋ᠦᠩᠰᠢᠭᠤᠷ ᠵᠢᠩ ᠳᠤ ᠬᠦᠷᠴᠦ᠂ 74 ᠳ᠋ᠦᠩᠰᠢᠭᠤᠷ ᠵᠢᠩ ᠨᠡᠮᠡᠭᠳᠡᠪᠡ᠃ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ᠃ ᠪᠢᠳᠡ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠤᠨ᠂ ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠣᠷᠴᠢᠨ ᠨᠥᠬᠦᠴᠡᠯ ᠳᠤ ᠪᠦᠭᠦ ᠵᠢᠯ ᠤᠨ ᠬᠥᠭᠵᠢᠯᠲᠡ ᠶᠢᠨ ᠭᠤᠣᠯ ᠭᠤᠣᠯ ᠬᠠᠷᠠᠯᠲᠠ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠮᠠᠨ ᠤ ᠤᠯᠤᠰ ᠤᠨ ᠠᠵᠤ ᠠᠬᠤᠢ ᠡᠷᠡᠰ ᠴᠢᠩᠭ᠎ᠠ ᠤᠶᠠᠨ ᠬᠠᠳᠠᠨ ᠴᠢᠨᠠᠷ ᠢᠶᠠᠨ ᠢᠯᠡᠷᠡᠭᠦᠯᠦᠭᠰᠡᠨ ᠪᠠᠶᠢᠨ᠎ᠠ᠃      ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠰᠢᠷᠦᠭᠦᠰᠦᠭᠰᠡᠨ ᠪᠠᠶᠢᠳᠠᠯ ᠳᠤ ᠴᠢᠭᠯᠡᠭᠦᠯᠦᠨ᠂ ᠬᠦᠴᠢᠷᠳᠡᠯ ᠢ ᠨᠢ ᠰᠢᠢᠳᠪᠦᠷᠢᠯᠡᠨ ᠳᠡᠮᠵᠢᠭᠦ ᠡᠷᠴᠢᠮ ᠢᠶᠠᠨ ᠴᠢᠩᠭᠠᠷᠠᠭᠤᠯᠪᠠ᠃ ᠬᠢᠵᠢᠭ ᠤᠨ ᠪᠠᠶᠢᠳᠠᠯ ᠵᠡᠷᠭᠡ ᠬᠦᠴᠦᠨ ᠵᠦᠢᠯ ᠤᠨ ᠳᠠᠭᠠᠷᠢᠯᠲᠠ ᠠᠴᠠ ᠪᠣᠯᠵᠤ᠂ ᠴᠥᠭᠡᠨ ᠪᠤᠰᠤ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠣᠨᠴᠠᠭᠠᠶ ᠬᠦᠴᠢᠷᠳᠡᠯ ᠳᠤ ᠲᠤᠯᠭᠠᠷᠠᠪᠠ᠃ ᠪᠦᠭᠦ ᠵᠢᠯ ᠳᠤ ᠦᠷᠳᠡᠭ ᠨᠡᠮᠡᠭᠳᠡᠯ ᠤᠨ ᠭᠠᠶᠢᠯᠢ ᠶᠢᠨ ᠦᠯᠡᠳᠡᠭᠰᠡᠨ ᠰᠠᠭᠤᠳᠬᠠᠯ ᠭᠠᠶᠢᠯᠢ ᠶᠢ ᠪᠤᠴᠠᠭᠠᠭᠰᠠᠨ ᠲᠤᠭ᠎ᠠ 2.4 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠰᠢᠨ᠎ᠡ ᠪᠠᠷ ᠨᠡᠮᠡᠭᠳᠡᠭᠰᠡᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠤᠭᠰᠠᠨ ᠲᠤᠭ᠎ᠠ ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠭᠠᠶᠢᠯᠢ ᠰᠦᠢᠳᠬᠡᠯ ᠢ ᠬᠤᠶᠢᠰᠢᠯᠠᠭᠤᠯᠤᠭᠰᠠᠨ ᠲᠤᠭ᠎ᠠ 7500 ᠭᠠᠷᠤᠢ ᠳ᠋ᠦᠩᠰᠢᠭᠤᠷ ᠲᠥᠭᠦᠷᠢᠭ ᠲᠤ ᠭᠦᠷᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠦᠴᠦᠲᠡᠢ ᠳᠡᠮᠵᠢᠭᠦ ᠶᠢᠨ ᠲᠥᠯᠥᠭᠡ᠂ ᠲᠥᠪ ᠠᠴᠠ ᠣᠷᠣᠨ ᠨᠤᠲᠤᠭ ᠲᠤ ᠰᠢᠯᠵᠢᠭᠦᠯᠦᠨ ᠥᠭᠬᠦ ᠪᠠᠨ ᠶᠡᠭᠡ ᠪᠠᠷ ᠨᠡᠮᠡᠭᠳᠡᠭᠦᠯᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠢᠲᠡᠭᠡᠮᠵᠢᠲᠦ ᠵᠢᠭᠡᠯᠡᠯᠭᠡ ᠲᠠᠯᠪᠢᠬᠤ ᠬᠡᠮᠵᠢᠶ᠎ᠡ ᠶᠢ ᠨᠢ ᠨᠡᠮᠡᠭᠳᠡᠭᠦᠯᠦᠨ᠂ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠪᠠᠭᠤᠷᠠᠭᠤᠯᠵᠤ᠂ ᠰᠢᠨ᠎ᠡ ᠪᠠᠷ ᠲᠠᠯᠪᠢᠭᠰᠠᠨ ᠠᠵᠤ ᠠᠬᠤᠶᠢᠯᠠᠯ ᠤᠨ ᠵᠢᠭᠡᠯᠡᠯᠭᠡ ᠶᠢᠨ ᠳᠤᠮᠳᠠᠴᠢ ᠬᠦᠦ ᠮᠥᠩᠭᠦ ᠶᠢᠨ ᠨᠣᠷᠮ᠎ᠠ ᠶᠢ ᠪᠦᠷᠢᠳᠬᠡᠯ ᠲᠠᠢ ᠪᠣᠯᠤᠭᠰᠠᠨ ᠠᠴᠠ ᠨᠠᠭᠠᠰᠢᠬᠢ ᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠤᠷᠠᠭᠤᠯᠤᠨ᠂ ᠬᠢᠵᠢᠭ ᠲᠤ ᠬᠦᠨᠳᠦ ᠨᠣᠴᠢᠲᠠᠢ ᠨᠥᠯᠥᠭᠡᠯᠡᠭᠳᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠪᠠ ᠢᠳᠡᠭᠡᠨ ᠤᠮᠳᠠᠭᠠᠨ᠂ ᠵᠢᠭᠤᠯᠴᠢᠯᠠᠯ᠂ ᠪᠠᠷᠠᠭ᠎ᠠ ᠲᠡᠭᠡᠭᠡᠪᠦᠷᠢ ᠵᠡᠷᠭᠡ ᠳᠤ ᠵᠢᠭᠡᠯᠡᠯᠭᠡ ᠶᠢᠨ ᠡᠬᠡ ᠬᠦᠦ ᠶᠢ ᠬᠤᠶᠢᠰᠢᠯᠠᠭᠤᠯᠤᠨ ᠲᠦᠯᠦᠭᠦ ᠶᠢ ᠱᠠᠲᠤ ᠦᠶᠡᠴᠢ ᠴᠢᠨᠠᠷᠲᠠᠢ ᠪᠠᠷ ᠬᠡᠷᠡᠭᠵᠢᠭᠦᠯᠵᠦ᠂ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠬᠦᠦ ᠮᠥᠩᠭᠦ ᠶᠢ ᠱᠠᠲᠤ ᠦᠶᠡᠴᠢ ᠴᠢᠨᠠᠷᠲᠠᠢ ᠪᠠᠷ ᠪᠠᠭᠤᠷᠠᠭᠤᠯᠪᠠ᠃ ᠥᠭᠡᠷᠡᠴᠢᠯᠡᠯᠲᠡ ᠶᠢᠨ ᠠᠷᠭ᠎ᠠ ᠪᠠᠷ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠬᠡᠮᠵᠢᠶ᠎ᠡ ᠪᠠᠷ ᠶᠡᠭᠡ ᠬᠡᠪᠴᠢᠶ᠎ᠡ ᠪᠠᠷ ᠥᠷᠭᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠨᠡᠶᠢᠳᠡᠮ ᠳᠡᠭᠡᠨ ᠠᠰᠢᠭ ᠭᠦᠷᠲᠡᠪᠡ᠃      ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠲᠣᠪᠣᠶᠢᠮ᠎ᠠ ᠵᠥᠷᠢᠴᠡᠯ ᠳᠤ ᠴᠢᠭᠯᠡᠭᠦᠯᠦᠨ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠡᠯᠡ ᠣᠷᠣᠭᠤᠯᠤᠯᠲᠠ ᠶᠢ ᠥᠷᠭᠡᠳᠬᠡᠵᠦ ᠬᠡᠷᠡᠭᠯᠡᠭᠡ ᠶᠢ ᠠᠬᠢᠭᠤᠯᠤᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠪᠠ᠃ ᠨᠢᠳᠤᠨᠤᠨ ᠡᠴᠦᠰ ᠤᠨ ᠬᠡᠷᠡᠭᠯᠡᠭᠡ ᠰᠢᠭᠤᠳ ᠳᠠᠭᠠᠷᠢᠯᠲᠠ ᠳᠤ ᠤᠴᠠᠷᠠᠵᠤ᠂ ᠪᠡᠯᠡ ᠣᠷᠣᠭᠤᠯᠤᠯᠲᠠ ᠴᠤ ᠨᠥᠯᠥᠭᠡᠯᠡᠭᠳᠡᠪᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠡᠰᠡᠭ ᠴᠢᠬᠤᠯᠠ ᠶᠡᠭᠡ ᠢᠨᠵᠧᠨᠧᠷᠢᠩ ᠤᠨ ᠲᠥᠰᠥᠯ ᠢ ᠤᠷᠢᠳᠴᠢᠯᠠᠨ ᠬᠡᠷᠡᠭᠵᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠨ ᠬᠡᠷᠡᠭᠯᠡᠬᠦ ᠶᠢ ᠲᠦᠷᠭᠡᠳᠬᠡᠨ᠂ ᠲᠤᠰᠬᠠᠢ ᠵᠦᠢᠯ ᠤᠨ ᠥᠭᠴᠡᠭᠡ ᠶᠢᠨ ᠲᠠᠰᠤᠯᠤᠨ ᠪᠤᠳᠤᠬᠰᠠᠨ ᠦᠯᠡᠳᠡᠪᠦᠷᠢ ᠬᠢᠵᠠᠭᠠᠷ ᠲᠤᠭ᠎ᠠ ᠶᠢ ᠬᠠᠤᠯᠢ ᠶᠣᠰᠣᠭᠠᠷ ᠠᠮᠢᠳᠤᠯᠢᠭ ᠪᠣᠯᠭᠠᠨ ᠰᠠᠶᠢᠲᠤᠷ ᠬᠡᠷᠡᠭᠯᠡᠵᠦ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢ ᠬᠤᠶᠠᠷ ᠬᠤᠭᠤᠴᠠᠭ᠎ᠠ ᠬᠤᠪᠢᠶᠠᠨ 7400 ᠳ᠋ᠦᠩᠰᠢᠭᠤᠷ ᠲᠥᠭᠦᠷᠢᠭ ᠲᠠᠯᠪᠢᠨ᠂ ᠴᠢᠬᠤᠯᠠ ᠶᠡᠭᠡ ᠲᠥᠰᠥᠯ ᠤᠨ ᠪᠦᠲᠦᠭᠡᠨ ᠪᠠᠶᠢᠭᠤᠯᠤᠯᠲᠠ ᠳᠤ ᠬᠥᠷᠥᠩᠭᠡ ᠮᠥᠩᠭᠦ ᠨᠥᠬᠦᠪᠦᠷᠢᠯᠡᠪᠡ᠃ ᠲᠤᠰᠬᠠᠢ ᠵᠦᠢᠯ ᠤᠨ ᠳᠠᠭᠢᠨ ᠵᠢᠭᠡᠯᠡᠯᠭᠡ ᠥᠭᠬᠦ᠂ ᠡᠳ᠋ ᠤᠨ ᠵᠠᠰᠠᠭ ᠠᠴᠠ ᠳᠡᠮ ᠬᠦᠦ ᠮᠥᠩᠭᠦ ᠥᠭᠬᠦ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠯᠡᠨ᠂ ᠭᠤᠣᠯᠳᠠᠯᠭ᠎ᠠ ᠲᠠᠢ ᠬᠦᠷᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠳᠠᠮᠵᠢᠪᠡ᠃ ᠬᠠᠮᠲᠤᠷᠠᠨ ᠠᠵᠢᠯᠯᠠᠬᠤ᠂ ᠣᠷᠣᠨ ᠨᠤᠲᠤᠭ ᠠᠴᠠ ᠠᠮᠠᠯᠠᠬᠤ ᠵᠡᠷᠭᠡ ᠠᠷᠭ᠎ᠠ ᠶᠢ ᠠᠪᠴᠤ᠂ ᠲᠥᠰᠥᠯ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠪᠦᠭᠦ ᠵᠢᠯ ᠳᠤ ᠰᠠᠭᠤᠷᠢ ᠲᠥᠬᠦᠭᠡᠷᠦᠮᠵᠢ᠂ ᠦᠢᠯᠡᠳᠭᠦ ᠦᠢᠯᠡᠰ ᠤᠨ ᠪᠡᠯᠡ ᠣᠷᠣᠭᠤᠯᠤᠯᠲᠠ ᠲᠣᠰ ᠲᠣᠰ 9.4%᠂ 9.1% ᠪᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠳᠠᠶᠢᠴᠢᠯᠠᠨ 5.1% ᠪᠠᠷ ᠨᠡᠮᠡᠭᠳᠡᠭᠦᠯᠵᠦ᠂ ᠬᠡᠷᠡᠭᠯᠡᠭᠡ ᠪᠠᠭᠠᠰᠤᠭᠰᠠᠨ ᠳᠤᠲᠠᠭᠤᠳᠠᠯ ᠢ ᠵᠣᠬᠢᠬᠤ ᠬᠡᠮᠵᠢᠶ᠎ᠡ ᠪᠠᠷ ᠨᠥᠬᠦᠪᠦᠷᠢᠯᠡᠪᠡ᠃ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠰᠢᠨ᠎ᠡ ᠬᠡᠪ ᠵᠠᠭᠪᠤᠷ ᠢ ᠬᠥᠭᠵᠢᠭᠦᠯᠵᠦ᠂ ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠴᠤ ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠤᠨ᠂ ᠰᠢᠨ᠎ᠡ ᠡᠨᠧᠷᠭᠢ ᠶᠢᠨ ᠰᠣᠷᠪᠤᠯᠵᠢ ᠬᠡᠷᠡᠭᠯᠡᠬᠦ ᠮᠠᠰᠢᠨ ᠲᠡᠷᠭᠡᠨ ᠤ ᠪᠣᠷᠤᠯᠠᠭᠤᠯᠭ᠎ᠠ 93.4% ᠪᠠᠷ ᠨᠡᠮᠡᠭᠳᠡᠵᠦ᠂ ᠨᠣᠭᠤᠭᠠᠨ ᠣᠶᠤᠨᠯᠢᠭ ᠭᠡᠷ ᠤᠨ ᠴᠠᠭᠢᠯᠭᠠᠨ ᠬᠡᠷᠡᠭᠰᠡᠯ᠂ ᠨᠣᠭᠤᠭᠠᠨ ᠪᠠᠷᠢᠯᠭ᠎ᠠ ᠶᠢᠨ ᠮᠠᠲ᠋ᠧᠷᠢᠶᠠᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠥᠷᠨᠢᠭᠦᠯᠦᠨ᠂ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠪᠠ᠃ ᠮᠥᠩᠭᠦᠨ ᠭᠦᠢᠯᠭᠡᠭᠡ ᠪᠠᠷ ᠳᠡᠮᠵᠢᠭᠦ ᠠᠷᠭ᠎ᠠ ᠬᠡᠮᠵᠢᠶ᠎ᠡ ᠶᠢ ᠨᠡᠶᠢᠲᠡᠯᠡᠨ᠂ ᠣᠷᠣᠨ ᠰᠠᠭᠤᠴᠠ ᠶᠢᠨ ᠵᠠᠶᠢᠯᠠᠰᠢ ᠦᠭᠡᠢ ᠴᠢᠨᠠᠷᠲᠠᠢ ᠬᠡᠷᠡᠭᠴᠡᠭᠡ ᠪᠠ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠶᠢ ᠳᠡᠮᠵᠢᠵᠦ᠂ ᠬᠤᠳᠠᠯᠳᠤᠨ ᠠᠪᠤᠭᠰᠠᠨ ᠣᠷᠣᠨ ᠰᠠᠭᠤᠴᠠ ᠶᠢ ᠭᠡᠷ᠎ᠡ ᠶᠣᠰᠣᠭᠠᠷ ᠲᠤᠰᠢᠶᠠᠨ ᠥᠭᠴᠦ ᠠᠷᠠᠳ ᠤᠨ ᠠᠮᠢᠳᠤᠷᠠᠯ ᠢ ᠲᠣᠭᠲᠠᠭᠤᠨ ᠪᠠᠶᠢᠯᠭᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠲᠦᠭᠦᠬᠡᠢ ᠮᠠᠲ᠋ᠧᠷᠢᠶᠠᠯ᠂ ᠠᠵᠢᠯᠴᠢᠨ ᠬᠡᠷᠡᠭᠯᠡᠬᠦ᠂ ᠡᠳ᠋ ᠪᠠᠷᠠᠭᠠᠨ ᠤ ᠭᠦᠢᠯᠭᠡᠭᠡ ᠵᠡᠷᠭᠡ ᠬᠦᠴᠢᠷ ᠠᠰᠠᠭᠤᠳᠠᠯ ᠢ  ᠨᠢ ᠰᠢᠢᠳᠪᠦᠷᠢᠯᠡᠨ ᠥᠭᠴᠦ᠂ ᠭᠠᠷᠠᠮ ᠤᠨ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ ᠰᠢᠢᠳᠪᠦᠷᠢᠯᠡᠨ᠂ ᠡᠳ᠋ ᠪᠠᠷᠠᠭ᠎ᠠ ᠶᠢᠨ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠵᠢᠱᠢᠯᠲᠡ ᠠᠴᠠ ᠰᠠᠶᠢᠨ ᠪᠠᠶᠢᠵᠤ᠂ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠲᠣᠭᠲᠠᠭᠤᠨ ᠢᠶᠠᠷ ᠨᠡᠮᠡᠭᠳᠡᠪᠡ᠃      ᠠᠵᠢᠯ ᠣᠯᠭᠤᠯᠲᠠ ᠶᠢᠨ ᠳᠠᠷᠤᠯᠲᠠ ᠲᠣᠪᠣᠶᠢᠮ᠎ᠠ ᠪᠣᠯᠤᠭᠰᠠᠨ ᠪᠠᠶᠢᠳᠠᠯ ᠳᠤ ᠴᠢᠭᠯᠡᠭᠦᠯᠦᠨ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠪᠠ᠃ ᠨᠢᠳᠤᠨᠤᠨ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠨᠢᠭᠡ ᠦᠶ᠎ᠡ ᠢᠯᠡᠳᠲᠡ ᠳᠡᠭᠡᠭᠰᠢᠯᠡᠪᠡ᠃ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ᠂ ᠪᠡᠯᠡ ᠣᠷᠣᠭᠤᠯᠤᠯᠲᠠ ᠵᠡᠷᠭᠡ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠨᠡᠩ ᠴᠢᠬᠤᠯᠠᠴᠢᠯᠠᠪᠠ᠃ ᠬᠦᠴᠢᠷᠳᠡᠯ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠵᠠᠷᠤᠳᠠᠯ ᠢᠶᠠᠨ ᠬᠤᠶᠢᠰᠢᠯᠠᠭᠤᠯᠤᠨ ᠲᠤᠰᠢᠶᠠᠵᠤ ᠪᠤᠯᠬᠤ ᠶᠢ ᠬᠡᠷᠡᠭᠵᠢᠭᠦᠯᠦᠨ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠤᠴᠠᠭᠠᠯᠲᠠ ᠶᠢᠨ ᠬᠠᠷᠢᠴᠠᠯ ᠢ ᠶᠡᠭᠡ ᠪᠠᠷ ᠳᠡᠭᠡᠭᠰᠢᠯᠡᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠶᠢ ᠨᠡᠮᠡᠭᠳᠡᠭᠦᠯᠪᠡ᠃ ᠲᠠᠭᠠᠭᠠᠯᠲᠠᠲᠤ ᠵᠢᠭᠡᠯᠡᠯᠭᠡ᠂ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠵᠡᠷᠭᠡ ᠠᠳᠠᠯ ᠦᠢᠯᠡᠰ ᠴᠣᠭᠴᠠᠯᠠᠬᠤ ᠶᠢ ᠳᠡᠮᠵᠢᠭᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠲᠣᠪᠣᠶᠢᠮ᠎ᠠ ᠰᠠᠶᠢᠲᠤᠷ ᠬᠢᠵᠦ᠂ ᠠᠵᠢᠯ ᠣᠯᠬᠤ ᠳᠤ ᠬᠦᠴᠢᠷᠲᠡᠢ ᠬᠥᠮᠥᠰ ᠢ ᠲᠤᠰᠬᠠᠢ ᠵᠦᠢᠯ ᠢᠶᠠᠷ ᠬᠠᠪᠰᠤᠷᠤᠨ ᠲᠡᠳᠭᠦᠭᠦ ᠶᠢ ᠥᠷᠨᠢᠭᠦᠯᠪᠡ᠃ ᠭᠤᠣᠯᠳᠠᠯᠭ᠎ᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤᠮᠳᠠ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠪᠡ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠭᠦᠳᠡᠯᠮᠤᠷᠢ ᠬᠢᠬᠦ ᠬᠡᠪᠴᠢᠶ᠎ᠡ 3200 ᠲᠦᠮᠡᠨ ᠬᠥᠮᠥᠨ ᠢ ᠳᠠᠪᠠᠵᠤ᠂ ᠲᠣᠭᠲᠠᠭᠤᠨ ᠪᠠᠶᠢᠬᠤ ᠶᠢᠨ ᠵᠡᠷᠭᠡ ᠳᠤ ᠨᠡᠮᠡᠭᠳᠡᠪᠡ᠃ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃      ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠶᠠᠪᠤᠳᠠᠯ ᠬᠡᠴᠡᠭᠦᠳᠡᠭᠰᠡᠨ ᠠᠴᠠ ᠪᠣᠯᠤᠭᠰᠠᠨ ᠨᠥᠯᠥᠭᠡ ᠳᠤ ᠴᠢᠭᠯᠡᠭᠦᠯᠦᠨ ᠂ ᠠᠮᠤ ᠪᠤᠳᠠᠭ᠎ᠠ ᠪᠠ ᠡᠨᠧᠷᠭᠢ ᠶᠢᠨ ᠰᠤᠷᠪᠤᠯᠵᠢ ᠪᠠᠷ ᠭᠤᠣᠯᠳᠠᠯᠭ᠎ᠠ ᠪᠣᠯᠭᠠᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠠᠵᠢᠯ ᠢ ᠰᠠᠶᠢᠲᠤᠷ ᠬᠢᠪᠡ᠃ ᠨᠢᠳᠤᠨᠤᠨ ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠶᠠᠪᠤᠳᠠᠯ 40 ᠭᠠᠷᠤᠢ ᠵᠢᠯ ᠤᠨ ᠲᠤᠷᠰᠢᠬᠢ ᠰᠢᠨ᠎ᠡ ᠥᠨᠳᠥᠷᠴᠡ ᠳᠤ ᠬᠦᠷᠴᠦ᠂ ᠤᠯᠤᠰ ᠤᠨ ᠳᠣᠲᠣᠭᠠᠳᠤ ᠶᠢᠨ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠳᠤ ᠨᠡᠯᠢᠶᠡᠳ ᠶᠡᠭᠡ ᠳᠠᠷᠤᠯᠲᠠ ᠤᠴᠠᠷᠠᠭᠤᠯᠪᠠ᠃ ᠪᠢᠳᠡ ᠦᠶᠡᠷ ᠤᠰᠤᠲᠤᠯ᠂ ᠭᠠᠩ ᠬᠠᠭᠰᠠᠷᠠᠭᠠᠨ ᠵᠡᠷᠭᠡ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠢ ᠪᠦᠲᠦᠮᠵᠢᠲᠡᠶ ᠠᠷᠭᠠᠴᠠᠵᠤ᠂ ᠲᠠᠷᠢᠶᠠᠯᠠᠬᠤ ᠴᠠᠭ ᠢ ᠰᠠᠭᠠᠲᠠᠭᠠᠯ ᠦᠭᠡᠢ ᠪᠠᠷ ᠠᠮᠤ ᠪᠤᠳᠠᠭ᠎ᠠ ᠲᠠᠷᠢᠬᠤ ᠪᠠ ᠬᠤᠷᠢᠶᠠᠬᠤ ᠶᠢ ᠰᠢᠮᠳᠠᠭᠤᠯᠤᠨ ᠠᠳᠬᠤᠵᠤ᠂ ᠲᠠᠷᠢᠶᠠᠯᠠᠩ ᠤᠨ ᠮᠠᠰᠢᠨ ᠤ ᠨᠡᠪᠲᠡᠷᠡᠯᠲᠡ ᠶᠢ ᠰᠢᠪᠠᠳᠠᠨ ᠵᠣᠬᠢᠴᠠᠭᠤᠯᠵᠤ᠂ ᠲᠠᠷᠢᠶᠠᠯᠠᠩ ᠤᠨ ᠶᠠᠪᠤᠳᠠᠯ ᠤᠨ ᠠᠵᠢᠯᠯᠠᠭᠠᠨ ᠤ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠭᠤᠷᠪᠠᠨ ᠪᠦᠯᠦᠭ ᠬᠤᠪᠢᠶᠠᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠦᠷᠢ ᠣᠯᠭᠤᠵᠤ᠂ ᠠᠮᠤ ᠪᠤᠳᠠᠭᠠᠨ ᠤ ᠡᠯᠪᠡᠭ ᠬᠤᠷᠢᠶᠠᠯᠲᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠬᠠᠩᠭᠠᠯᠭ᠎ᠠ ᠶᠢ ᠪᠠᠲᠤᠯᠠᠪᠠ᠃ ᠨᠡᠭᠦᠷᠡᠰᠦᠨ ᠤ ᠭᠤᠣᠯ ᠴᠣᠭᠴᠠ ᠡᠨᠧᠷᠭᠢ ᠶᠢᠨ ᠰᠤᠷᠪᠤᠯᠵᠢ ᠪᠤᠯᠬᠤ ᠦᠢᠯᠡᠳᠦᠯ ᠢ ᠪᠠᠳᠠᠷᠠᠭᠤᠯᠤᠨ᠂ ᠨᠡᠭᠦᠷᠡᠰᠦᠨ ᠤ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠵᠦ᠂ ᠴᠠᠭᠢᠯᠭᠠᠨ ᠭᠠᠷᠭᠠᠵᠤ ᠢᠯᠴᠢ ᠬᠠᠩᠭᠠᠬᠤ ᠠᠵᠤ ᠠᠬᠤᠶᠢᠯᠠᠯ ᠢ ᠳᠡᠮᠵᠢᠭᠦ ᠡᠷᠴᠢᠮ ᠢ ᠴᠢᠩᠭᠠᠷᠠᠭᠤᠯᠤᠨ᠂ ᠡᠨᠧᠷᠭᠢ ᠶᠢᠨ ᠰᠤᠷᠪᠤᠯᠵᠢ ᠶᠢᠨ ᠬᠡᠪ ᠤᠨ ᠬᠠᠩᠭᠠᠯᠭ᠎ᠠ ᠶᠢ ᠪᠠᠲᠤᠯᠠᠪᠠ᠃ ᠪᠦᠭᠦ ᠪᠥᠮᠪᠥᠷᠴᠡᠭ ᠤᠨ ᠵᠣᠭᠤᠰ ᠶᠡᠭᠡ ᠪᠠᠷ ᠮᠠᠭᠤᠳᠠᠭᠰᠠᠨ ᠠᠬᠤᠢ ᠪᠠᠶᠢᠳᠠᠯ ᠳᠣᠣᠷ᠎ᠠ᠂ ᠮᠠᠨ ᠤ ᠤᠯᠤᠰ ᠤᠨ ᠪᠠᠷᠠᠭᠠᠨ ᠤ ᠦᠨ᠎ᠡ ᠨᠡᠯᠢᠶᠡᠳ ᠳᠣᠣᠷ᠎ᠠ ᠲᠦᠪᠰᠢᠨ ᠢᠶᠠᠨ ᠪᠠᠲᠤᠯᠠᠵᠤ ᠴᠢᠳᠠᠭᠰᠠᠨ ᠨᠢ ᠨᠡᠩ ᠴᠦ ᠠᠮᠠᠷ ᠦᠭᠡᠢ ᠶᠠᠪᠤᠳᠠᠯ ᠶᠤᠮ᠃      ᠬᠡᠰᠡᠭ ᠣᠯᠠᠨ ᠲᠦᠮᠡᠨ ᠤ ᠠᠮᠢᠳᠤᠷᠠᠯ ᠤᠨ ᠬᠦᠴᠢᠷᠳᠡᠯ ᠨᠡᠮᠡᠭᠳᠡᠭᠰᠡᠨ ᠪᠠᠶᠢᠳᠠᠯ ᠳᠤ ᠴᠢᠭᠯᠡᠭᠦᠯᠦᠨ᠂ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠪᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ ᠱᠠᠲᠤ ᠦᠶᠡᠴᠢ ᠴᠢᠨᠠᠷᠲᠠᠢ ᠪᠠᠷ ᠥᠷᠭᠡᠳᠬᠡᠵᠦ᠂ ᠨᠠᠩ ᠣᠯᠠᠨ ᠬᠦᠴᠢᠷᠳᠡᠯ ᠲᠠᠢ ᠬᠠᠮᠲᠤᠯᠢᠭ ᠢ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ᠃ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠡᠶᠢᠲᠡ 1000 ᠭᠠᠷᠤᠢ ᠲᠦᠮᠡᠨ ᠠᠵᠢᠯ ᠠᠯᠳᠠᠭᠰᠠᠨ ᠬᠥᠮᠥᠰ ᠲᠤ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠣᠯᠭᠤᠪᠠ᠃ ᠨᠠᠩ ᠣᠯᠠᠨ ᠣᠷᠣᠯᠭ᠎ᠠ ᠪᠠᠭᠠᠲᠠᠢ ᠣᠯᠠᠨ ᠲᠦᠮᠡᠨ ᠳᠤ ᠦᠨ᠎ᠡ ᠬᠠᠩᠰᠢ ᠶᠢᠨ ᠨᠥᠬᠦᠪᠦᠷᠢ ᠣᠯᠭᠤᠵᠤ᠂ ᠪᠠᠷᠤᠭ 6700 ᠲᠦᠮᠡᠨ ᠬᠥᠮᠥᠨ ᠳᠤ ᠠᠰᠢᠭ ᠬᠦᠷᠲᠡᠭᠡᠪᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠠᠮᠢᠳᠤᠷᠠᠯ ᠨᠢ ᠬᠦᠴᠢᠷᠲᠡᠢ ᠰᠤᠷᠤᠬᠴᠢᠳ ᠤᠨ 2022 ᠣᠨ ᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠦᠭᠰᠡᠨ ᠤ ᠬᠠᠮᠲᠤ ᠡᠬᠡ ᠮᠥᠩᠭᠦ ᠶᠢ ᠨᠢ ᠬᠤᠶᠢᠰᠢᠯᠠᠭᠤᠯᠤᠨ ᠪᠤᠴᠠᠭᠠᠵᠤ ᠪᠤᠯᠬᠤ ᠶᠢ ᠵᠥᠪᠰᠢᠶᠡᠷᠡᠪᠡ᠃ ᠬᠢᠵᠢᠭ ᠪᠠ ᠭᠠᠮᠰᠢᠭ ᠠᠴᠠ ᠪᠣᠯᠵᠤ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠢ ᠲᠦᠷ ᠴᠠᠭ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠪᠠᠲᠤᠯᠠᠬᠤ ᠬᠢᠵᠠᠭᠠᠷ ᠱᠤᠭᠤᠮ ᠢ ᠦᠨᠡᠨ ᠬᠦ ᠪᠠᠲᠤ ᠰᠠᠬᠢᠪᠠ᠃      ᠡᠭᠦᠨ ᠤ ᠬᠠᠮᠲᠤ᠂ ᠪᠢᠳᠡ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠠᠴᠠ ᠵᠥᠪᠰᠢᠶᠡᠷᠡᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠬᠢᠷᠠᠭᠤᠯᠤᠯᠲᠠ ᠶᠣᠰᠣᠭᠠᠷ᠂ ᠠᠵᠤ ᠠᠬᠤᠢ ᠨᠡᠶᠢᠭᠡᠮ ᠤᠨ ᠡᠯ᠎ᠡ ᠬᠦᠷᠢᠶᠡᠨ ᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠪᠠ᠃ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠨ᠂ ᠣᠳᠣᠬᠠᠨ ᠳᠤ ᠬᠡᠷᠡᠭᠯᠡᠭᠡ ᠶᠢᠨ ᠬᠡᠷᠡᠭᠴᠡᠭᠡ᠂ ᠵᠠᠬ᠎ᠠ ᠳᠡᠯᠭᠡᠭᠦᠷ ᠤᠨ ᠭᠦᠢᠯᠭᠡᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠠᠵᠤ ᠠᠬᠤᠶᠢᠯᠠᠯ ᠤᠨ ᠵᠢᠱᠢᠯᠲᠡ ᠵᠡᠷᠭᠡ ᠢᠯᠡᠳᠲᠡ ᠰᠠᠶᠢᠵᠢᠷᠠᠨ᠂ ᠠᠵᠤ ᠠᠬᠤᠢ ᠶᠢᠨ ᠨᠡᠮᠡᠭᠳᠡᠯ ᠶᠠᠭ ᠲᠣᠭᠲᠠᠪᠤᠷᠢᠵᠢᠨ ᠳᠡᠭᠡᠭᠰᠢᠯᠡᠵᠦ ᠪᠠᠶᠢᠭ᠎ᠠ ᠪᠥᠭᠡᠳ ᠮᠠᠨ ᠤ ᠤᠯᠤᠰ ᠤᠨ ᠠᠵᠤ ᠠᠬᠤᠢ ᠳᠤ ᠯᠤᠲᠤ ᠶᠡᠭᠡ ᠳᠠᠯᠳᠠ ᠬᠦᠴᠦᠨ ᠪᠠ ᠬᠥᠭᠵᠢᠯᠲᠡ ᠶᠢᠨ ᠬᠥᠳᠡᠯᠭᠡᠭᠴᠢ ᠬᠦᠴᠦᠨ ᠲᠠᠢ ᠪᠠᠶᠢᠨ᠎ᠠ      ᠲᠥᠯᠥᠭᠡᠯᠡᠭᠴᠢᠳ ᠠ᠋︕      ᠥᠩᠭᠡᠷᠡᠭᠰᠡᠨ ᠲᠠᠪᠤᠨ ᠵᠢᠯ ᠪᠣᠯ ᠲᠤᠶᠢᠯ ᠤᠨ ᠶᠡᠷᠦ ᠪᠤᠰᠤ᠂ ᠲᠤᠶᠢᠯ ᠤᠨ ᠡᠭᠡᠯ ᠪᠤᠰᠤ ᠶᠢᠨ ᠲᠠᠪᠤᠨ ᠵᠢᠯ ᠶᠤᠮ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠪᠢᠳᠡ ᠳᠡᠯᠡᠬᠡᠢ ᠶᠢᠨ ᠬᠤᠪᠢᠰᠤᠯᠲᠠ ᠶᠢᠨ ᠲᠦᠷᠭᠡᠰᠦᠭᠰᠡᠨ ᠤᠯᠠᠷᠢᠯᠲᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠳᠠᠭᠠᠷᠢᠯᠲᠠ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠪᠠᠭᠤᠷᠠᠯᠲᠠ ᠵᠡᠷᠭᠡ ᠤᠯᠠᠨ ᠳᠠᠪᠬᠤᠷ ᠰᠢᠯᠭᠠᠯᠲᠠ ᠶᠢ ᠳᠠᠭᠠᠭᠠᠨ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠨ ᠳᠤ ᠬᠤᠭᠤᠴᠠᠭ᠎ᠠ ᠶᠣᠰᠣᠭᠠᠷ ᠢᠯᠠᠯᠲᠠ ᠣᠯᠵᠤ᠂ ᠴᠢᠨᠡᠭᠡᠯᠢᠭ ᠨᠡᠶᠢᠭᠡᠮ ᠢ ᠬᠤᠭᠤᠴᠠᠭ᠎ᠠ ᠶᠣᠰᠣᠭᠠᠷ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠦᠨ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠯᠠᠯ ᠢᠶᠠᠨ ᠡᠬᠢᠯᠡᠭᠦᠯᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ  ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠨ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠣᠯᠪᠠ᠃      — ᠠᠵᠤ ᠠᠬᠤᠢ ᠶᠢᠨ ᠬᠥᠭᠵᠢᠯᠲᠡ ᠲᠠᠭᠢᠨ ᠰᠢᠨ᠎ᠡ ᠳᠡᠭᠲᠡᠷ ᠲᠤ ᠭᠠᠷᠪᠠ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ 121 ᠲᠦᠮᠡᠨ ᠳ᠋ᠦᠩᠰᠢᠭᠤᠷ ᠲᠥᠭᠦᠷᠢᠭ ᠪᠣᠯᠵᠤ ᠨᠡᠮᠡᠭᠳᠡᠨ᠂ ᠲᠠᠪᠤᠨ ᠵᠢᠯ ᠳᠤ ᠵᠢᠯ ᠳᠤᠮᠳᠠᠴᠢ ᠪᠠᠷ 5.2% ᠢᠶᠠᠷ ᠨᠡᠮᠡᠭᠳᠡᠵᠦ᠂ ᠠᠷᠪᠠᠨ ᠵᠢᠯ ᠳᠤ 70 ᠲᠦᠮᠡᠨ ᠳ᠋ᠦᠩᠰᠢᠭᠤᠷ ᠲᠥᠭᠦᠷᠢᠭ ᠰᠢᠬᠠᠮ ᠨᠡᠮᠡᠭᠳᠡᠨ᠂ ᠵᠢᠯ ᠳᠤᠮᠳᠠᠴᠢ ᠪᠠᠷ 6.2% ᠢᠶᠠᠷ ᠨᠡᠮᠡᠭᠳᠡᠵᠦ᠂ ᠥᠨᠳᠥᠷ ᠰᠠᠭᠤᠷᠢ ᠲᠤᠭ᠎ᠠ ᠶᠢᠨ ᠰᠠᠭᠤᠷᠢᠨ ᠳᠡᠭᠡᠷ᠎ᠡ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠭᠡᠳ ᠴᠢᠨᠠᠷ ᠰᠠᠶᠢᠲᠠᠢ ᠬᠥᠭᠵᠢᠯᠲᠡ ᠲᠡᠶᠢᠰᠢ ᠲᠠᠪᠰᠢᠪᠠ᠃ ᠡᠳ᠋ ᠤᠨ ᠵᠠᠰᠠᠭ ᠤᠨ ᠣᠷᠣᠯᠭ᠎ᠠ 20.4 ᠲᠦᠮᠡᠨ ᠳ᠋ᠦᠩᠰᠢᠭᠤᠷ ᠲᠥᠭᠦᠷᠢᠭ ᠪᠣᠯᠵᠤ ᠨᠡᠮᠡᠭᠳᠡᠪᠡ᠃ ᠠᠮᠤ ᠪᠤᠳᠠᠭᠠᠨ ᠤ ᠤᠨᠠᠯᠲᠠ ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠪᠠ᠃ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 40 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ᠃ ᠬᠤᠳᠠ ᠪᠠᠯᠭᠠᠰᠤᠨ ᠳᠤ ᠠᠵᠢᠯ ᠣᠯᠣᠭᠰᠠᠨ ᠬᠥᠮᠥᠨ ᠵᠢᠯ ᠳᠤᠮᠳᠠᠴᠢ ᠪᠠᠷ 1270 ᠭᠠᠷᠤᠢ ᠲᠦᠮᠡ ᠰᠢᠨ᠎ᠡ ᠪᠠᠷ ᠨᠡᠮᠡᠭᠳᠡᠪᠡ᠃ ᠭᠠᠳᠠᠭᠠᠳᠤ ᠭᠤᠪᠢᠭᠤᠯᠭ᠎ᠠ ᠶᠢᠨ ᠨᠥᠭᠡᠴᠡ 3 ᠲᠦᠮᠡᠨ ᠳ᠋ᠦᠩᠰᠢᠭᠤᠷ ᠳ᠋ᠣᠯᠯᠠᠷ ᠠᠴᠠ ᠳᠡᠭᠡᠭᠰᠢ ᠳᠤ ᠲᠣᠭᠲᠠᠪᠤᠷᠢᠵᠢᠪᠠ᠃ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠢᠯᠡᠳᠲᠡ ᠳᠡᠭᠡᠭᠰᠢᠯᠡᠪᠡ᠃      — ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠡᠭᠦᠷᠭᠡ ᠶᠢ ᠢᠯᠠᠯᠲᠠ ᠲᠠᠢ ᠪᠠᠷ ᠪᠡᠶᠡᠯᠡᠭᠦᠯᠪᠡ᠃ ᠨᠠᠢᠮᠠᠨ ᠵᠢᠯ ᠤᠨ ᠦᠷᠭᠦᠯᠵᠢᠯᠡᠭᠰᠡᠨ ᠴᠢᠷᠮᠠᠶᠢᠯᠭ᠎ᠠ ᠪᠠᠷ ᠬᠥᠳᠡᠭᠡ ᠲᠣᠰᠬᠤᠨ ᠤ ᠳ᠋ᠦᠩᠰᠢᠭᠤᠷ ᠰᠢᠬᠠᠮ ᠶᠠᠳᠠᠭᠤ ᠬᠦᠴᠢᠷᠳᠡᠯ ᠲᠠᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ ᠪᠦᠭᠦ ᠤᠯᠤᠰ ᠤᠨ 832 ᠶᠠᠳᠠᠭᠤ ᠬᠦᠴᠢᠷᠳᠡᠯ ᠲᠠᠢ ᠰᠢᠶᠠᠨ ᠢ ᠴᠥᠮ ᠶᠠᠳᠠᠭᠤ ᠠᠴᠠ ᠠᠩᠭᠢᠵᠢᠷᠠᠭᠤᠯᠤᠨ᠂ 960 ᠭᠠᠷᠤᠢ ᠲᠦᠮᠡᠨ ᠶᠠᠳᠠᠭᠤ ᠬᠦᠴᠢᠷᠳᠡᠯ ᠲᠠᠢ ᠬᠥᠮᠥᠨ ᠠᠮᠠ ᠶᠢ ᠣᠨᠳᠣᠣ ᠭᠠᠵᠠᠷ ᠨᠡᠭᠦᠯᠭᠡᠵᠦ᠂ ᠲᠤᠶᠢᠯ ᠤᠨ ᠶᠠᠳᠠᠭᠤ ᠬᠦᠴᠢᠷᠳᠡᠯ ᠲᠠᠢ ᠪᠠᠶᠢᠭᠰᠠᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠪᠡ᠃      — ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠢ ᠪᠠᠶᠢᠭᠤᠯᠤᠨ᠂ ᠤᠯᠤᠰ ᠤᠨ ᠲᠤᠷᠰᠢᠯᠲᠠ ᠶᠢᠨ ᠲᠠᠰᠤᠭ ᠢ ᠵᠣᠬᠢᠶᠠᠨ ᠪᠠᠶᠢᠭᠤᠯᠵᠤ᠂ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠲᠠᠭᠢᠨ ᠵᠣᠬᠢᠶᠠᠨ ᠪᠠᠶᠢᠭᠤᠯᠬᠤ ᠠᠵᠢᠯ ᠢ ᠪᠦᠯᠦᠭ ᠬᠤᠪᠢᠶᠠᠨ ᠠᠬᠢᠭᠤᠯᠪᠠ᠃ ᠵᠠᠷᠢᠮ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠵᠤ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ᠂ ᠰᠠᠷᠠᠨ ᠪᠥᠮᠪᠥᠷᠴᠡᠭ ᠭᠠᠯ ᠭᠠᠷᠠᠭ ᠢ ᠬᠠᠶᠢᠨ ᠰᠢᠨᠵᠢᠯᠡᠬᠦ᠂ ᠭᠦᠨ ᠳᠠᠯᠠᠢ ᠭᠦᠨ ᠭᠠᠵᠠᠷ ᠢ ᠬᠠᠶᠢᠨ ᠭᠡᠮᠵᠢᠭᠦ᠂ ᠭᠡᠳᠦ ᠺᠤᠮᠫᠢᠦ᠋ᠲ᠋ᠧᠷ᠂ ᠳᠠᠭᠠᠭᠤᠯᠢ ᠤᠳᠤ ᠪᠠᠷ ᠠᠶᠠᠯᠠᠯ ᠵᠠᠮᠴᠢᠯᠠᠬᠤ᠂ ᠺᠸᠠᠨ᠋ᠲ ᠤᠨ ᠮᠡᠳᠡᠭᠡ ᠵᠠᠩᠭᠢ᠂ ᠴᠥᠮ᠎ᠡ ᠶᠢᠨ ᠴᠠᠭᠢᠯᠭᠠᠨ ᠤ ᠮᠡᠷᠭᠡᠵᠢᠯ᠂ ᠲᠣᠮᠣ ᠨᠢᠰᠬᠡᠯ ᠦᠢᠯᠡᠳᠭᠦ᠂ ᠵᠣᠬᠢᠶᠠᠮᠠᠯ ᠣᠶᠤᠨᠯᠢᠭ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠬᠦᠷᠢᠶᠡᠨ ᠳᠠᠬᠢ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠲᠠᠰᠤᠷᠠᠯᠳᠠ ᠦᠭᠡᠢ ᠢᠯᠡᠷᠡᠨ ᠭᠠᠷᠪᠠ᠃ ᠪᠦᠭᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠡᠷᠴᠢᠮ 2.1% ᠪᠠᠶᠢᠭᠰᠠᠨ ᠠᠴᠠ ᠪᠠᠨ 2.5% ᠠᠴᠠ ᠳᠡᠭᠡᠭᠰᠢ ᠪᠣᠯᠵᠤ ᠳᠡᠭᠡᠭᠰᠢᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠬᠤᠪᠢ ᠨᠡᠮᠡᠷᠢ ᠶᠢᠨ ᠨᠤᠷᠮ᠎ᠠ 60% ᠠᠴᠠ ᠳᠡᠭᠡᠭᠰᠢ ᠪᠣᠯᠵᠤ ᠳᠡᠭᠡᠭᠰᠢᠯᠡᠨ᠂ ᠰᠢᠨ᠎ᠡ ᠡᠭᠦᠳᠦᠯᠲᠡ ᠶᠢᠨ ᠬᠥᠭᠵᠢᠯᠲᠡ ᠶᠢ ᠲᠤᠯᠭᠠᠭᠤᠷᠢᠯᠠᠬᠤ ᠴᠢᠳᠠᠪᠤᠷᠢ ᠲᠠᠰᠤᠷᠠᠯᠳᠠ ᠦᠭᠡᠢ ᠴᠢᠩᠭᠠᠷᠠᠪᠠ᠃      — ᠠᠵᠤ ᠠᠬᠤᠢ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠳᠡᠭᠡᠳᠦ ᠮᠡᠷᠭᠡᠵᠢᠯ ᠤᠨ ᠦᠢᠯᠡᠳᠭᠦ ᠦᠢᠯᠡᠰ᠂ ᠲᠣᠨᠤᠭ ᠲᠥᠬᠦᠭᠡᠷᠦᠮᠵᠢ ᠦᠢᠯᠡᠳᠭᠦ ᠦᠢᠯᠡᠰ ᠤᠨ ᠨᠡᠮᠡᠭᠳᠡᠯ ᠥᠷᠲᠡᠭ ᠵᠢᠯ ᠳᠤᠮᠳᠠᠴᠢ ᠪᠠᠷ ᠳᠤᠰ ᠳᠤᠰ 10.6%᠂ 7.9% ᠪᠠᠷ ᠨᠡᠮᠡᠭᠳᠡᠵᠦ᠂ ᠳ᠋ᠢᠵᠢᠲ᠋ᠠᠯ ᠠᠵᠤ ᠠᠬᠤᠢ ᠳᠠᠰᠤᠷᠠᠯᠳᠠ ᠦᠭᠡᠢ ᠪᠤᠵᠠᠭᠠᠶᠢᠷᠠᠵᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠰᠢᠨ᠎ᠡ ᠬᠡᠪ ᠵᠠᠭᠪᠤᠷ ᠤᠨ ᠨᠡᠮᠡᠭᠳᠡᠯ ᠥᠷᠲᠡᠭ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ ᠲᠤ ᠡᠵᠡᠯᠡᠭᠦ ᠬᠤᠪᠢ ᠶᠢᠨ ᠵᠢᠩ 17% ᠠᠴᠠ ᠳᠡᠭᠡᠭᠰᠢ ᠳᠤ ᠭᠦᠷᠪᠡ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠪᠡ᠃ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 60.2% ᠪᠠᠶᠢᠭᠰᠠᠨ ᠠᠴᠠ ᠪᠠᠨ 65.2% ᠪᠣᠯᠵᠤ ᠳᠡᠭᠡᠭᠰᠢᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠬᠡᠷᠡᠭᠵᠢᠭᠦᠯᠪᠡ᠃ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠲᠦᠷᠭᠡᠯᠡᠨ ᠪᠣᠶᠢᠵᠢᠭᠤᠯᠪᠠ᠃      — ᠰᠠᠭᠤᠷᠢ ᠲᠥᠬᠦᠭᠡᠷᠦᠮᠵᠢ ᠶᠢ ᠨᠠᠩ ᠢᠯᠡᠭᠦᠦ ᠲᠡᠭᠦᠯᠳᠡᠷᠵᠢᠭᠦᠯᠪᠡ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠤᠰᠤ ᠲᠠᠲᠠᠵᠤ ᠤᠰᠤ ᠲᠣᠬᠢᠷᠠᠭᠤᠯᠬᠤ ᠵᠡᠷᠭᠡ ᠨᠢᠭᠡ ᠪᠦᠯᠦᠭ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠳᠡᠭᠡᠳᠦ ᠬᠤᠷᠳᠤᠴᠠᠲᠤ ᠲᠡᠮᠦᠷ ᠵᠠᠮ ᠤᠨ ᠲᠡᠭᠡᠭᠡᠪᠦᠷᠢ ᠡᠵᠡᠩᠨᠡᠯᠲᠡ ᠶᠢᠨ ᠵᠠᠮ ᠤᠨ ᠤᠷᠳᠤ 2.5 ᠲᠦᠮᠡᠨ ᠺᠢᠯᠣᠮᠧᠲᠷ ᠪᠠᠶᠢᠭᠰᠠᠨ ᠠᠴᠠ  ᠪᠠᠨ 4.2 ᠲᠦᠮᠡᠨ ᠺᠢᠯᠣᠮᠧᠲᠷ ᠪᠣᠯᠵᠤ ᠨᠡᠮᠡᠭᠳᠡᠨ᠂ ᠲᠦᠷᠭᠡᠨ ᠳᠠᠪᠬᠢᠬᠤ ᠵᠠᠰᠠᠮᠠᠯ ᠵᠠᠮ ᠤᠨ ᠤᠷᠳᠤ ᠶᠢᠨ ᠬᠡᠮᠵᠢᠶ᠎ᠡ 13.6 ᠲᠦᠮᠡᠨ ᠺᠢᠯᠣᠮᠧᠲᠷ ᠪᠠᠶᠢᠭᠰᠠᠨ ᠠᠴᠠ ᠪᠠᠨ 17.7 ᠲᠦᠮᠡᠨ ᠺᠢᠯᠣᠮᠧᠲᠷ ᠪᠣᠯᠵᠤ ᠨᠡᠮᠡᠭᠳᠡᠪᠡ᠃ ᠬᠥᠳᠡᠭᠡ ᠲᠣᠰᠬᠤᠨ ᠤ ᠵᠠᠰᠠᠮᠠᠯ ᠵᠠᠮ ᠢ 125 ᠲᠦᠮᠡᠨ ᠺᠢᠯᠣᠮᠧᠲᠷ ᠰᠢᠨ᠎ᠡ ᠪᠠᠷ ᠳᠡᠪᠢᠰᠦᠭᠰᠡᠨ ᠪᠤᠶᠤ ᠵᠠᠰᠠᠵᠤ ᠳᠡᠪᠢᠰᠪᠡ᠃ ᠨᠢᠰᠬᠡᠯ ᠤᠨ ᠪᠠᠭᠤᠳᠠᠯ ᠤᠨ ᠪᠠᠭᠲᠠᠭᠠᠮᠵᠢ ᠶᠢ 4 ᠳ᠋ᠦᠩᠰᠢᠭᠤᠷ ᠬᠥᠮᠥᠨ ᠤᠳᠠᠭ᠎ᠠ ᠰᠢᠨ᠎ᠡ ᠪᠠᠷ ᠨᠡᠮᠡᠭᠳᠡᠭᠦᠯᠪᠡ᠃ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 40% ᠠᠴᠠ ᠳᠡᠭᠡᠭᠰᠢ ᠨᠡᠮᠡᠭᠳᠡᠭᠦᠯᠪᠡ᠃ ᠪᠤᠢ ᠪᠦᠬᠦᠢ ᠲᠤᠰᠬᠠᠢ ᠣᠷᠣᠨ ᠤ ᠲᠡᠰ ᠤᠨ ᠬᠤᠲᠠ ᠳᠤ ᠮᠢᠩᠭᠠᠨ ᠮᠧᠭ᠎ᠠ ᠶᠢᠨ ᠭᠡᠷᠡᠯᠯᠢᠭ ᠰᠦᠯᠵᠢᠶ᠎ᠡ ᠶᠢ ᠪᠦᠷᠬᠦᠭᠦᠯᠵᠦ᠂ ᠪᠤᠢ ᠪᠦᠬᠦᠢ ᠵᠠᠰᠠᠭ ᠵᠠᠬᠢᠷᠭᠠᠨ ᠤ ᠲᠣᠰᠬᠤᠨ ᠳᠤ ᠥᠷᠭᠡᠨ ᠪᠦᠰᠡᠲᠦ ᠰᠦᠯᠵᠢᠶ᠎ᠡ ᠶᠢ ᠨᠡᠪᠲᠡᠷᠡᠭᠦᠯᠪᠡ᠃      — ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠬᠡᠷᠡᠭᠵᠢᠭᠦᠯᠦᠨ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠪᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠣᠷᠣᠨ ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ︵RCEP︶ ᠢ ᠬᠦᠴᠦᠨ ᠲᠠᠢ ᠪᠤᠯᠭᠠᠵᠤ ᠬᠡᠷᠡᠭᠵᠢᠭᠦᠯᠬᠦ ᠶᠢ ᠠᠬᠢᠭᠤᠯᠤᠨ᠂ ᠪᠦᠭᠦ ᠪᠥᠮᠪᠥᠷᠴᠡᠭ ᠤᠨ ᠬᠠᠮᠤᠭ ᠤᠨ ᠲᠣᠮᠣ ᠴᠢᠯᠦᠭᠡᠲᠦ ᠠᠷᠠᠯᠵᠢᠶᠠᠨ ᠤ ᠣᠷᠣᠨ ᠢ ᠪᠠᠶᠢᠭᠤᠯᠪᠠ᠃ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠦᠭᠦ ᠲᠤᠭ᠎ᠠ ᠵᠢᠯ ᠳᠤᠮᠳᠠᠴᠢ ᠪᠠᠷ 8.6% ᠪᠠᠷ ᠨᠡᠮᠡᠭᠳᠡᠨ᠂ 40 ᠲᠦᠮᠡᠨ ᠳ᠋ᠦᠩᠰᠢᠭᠤᠷ ᠲᠥᠭᠦᠷᠢᠭ ᠢ ᠳᠠᠪᠠᠭᠰᠠᠨ ᠪᠥᠭᠡᠳ ᠤᠯᠠᠨ ᠵᠢᠯ ᠳᠠᠷᠠᠭᠠᠯᠠᠨ ᠳᠡᠯᠡᠬᠡᠢ ᠶᠢᠨ ᠲᠡᠷᠢᠭᠦᠨ ᠪᠠᠶᠢᠷᠢᠨ ᠳᠤ ᠣᠷᠣᠵᠤ᠂ ᠭᠠᠳᠠᠭᠠᠳᠤ ᠪᠡᠯᠡ ᠶᠢ ᠲᠠᠲᠠᠬᠤ ᠪᠠ ᠭᠠᠳᠠᠭᠠᠳᠤ ᠳᠤ ᠪᠡᠯᠡ ᠣᠷᠣᠭᠤᠯᠬᠤ ᠶᠠᠪᠤᠳᠠᠯ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠪᠠ᠃      — ᠠᠮᠢ ᠠᠬᠤᠢ ᠶᠢᠨ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠪᠠ᠃ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ 8.1% ᠪᠠᠷ ᠪᠠᠭᠤᠷᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ 14.1% ᠪᠠᠷ ᠪᠠᠭᠤᠷᠠᠪᠠ᠃ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠵᠢᠵᠢᠭ ᠮᠥᠬᠦᠯᠢᠭᠲᠦ ᠪᠣᠳᠠᠰ ︵PM2.5︶ ᠤᠨ ᠳᠤᠮᠳᠠᠴᠢ ᠥᠳᠬᠡᠴᠡ 27.5% ᠪᠠᠷ ᠪᠠᠭᠤᠷᠠᠨ᠂ ᠬᠦᠨᠳᠦ ᠪᠣᠬᠢᠷᠳᠤᠯ ᠲᠠᠢ ᠡᠳᠦᠷ ᠤᠨ ᠲᠤᠭ᠎ᠠ ᠲᠠᠪᠤᠨ ᠬᠤᠪᠢ ᠠᠴᠠ ᠳᠡᠭᠡᠭᠰᠢ ᠪᠠᠭᠠᠰᠴᠤ᠂ ᠪᠦᠭᠦ ᠤᠯᠤᠰ ᠤᠨ ᠭᠠᠵᠠᠷ ᠤᠨ ᠭᠠᠳᠠᠷᠭᠤ ᠶᠢᠨ ᠤᠰᠤᠨ ᠤ ᠰᠢᠯᠢᠳᠡᠭ ᠰᠠᠶᠢᠨ ᠤᠰᠤᠨ ᠴᠣᠭᠴᠠ ᠶᠢᠨ ᠬᠠᠷᠢᠴᠠᠯ 67.9% ᠪᠠᠶᠢᠭᠰᠠᠨ ᠠᠴᠠ  ᠪᠠᠨ 87.9% ᠪᠣᠯᠵᠤ ᠳᠡᠭᠡᠭᠰᠢᠯᠡᠪᠡ᠃ ᠲᠦᠷᠦᠭᠦᠦ ᠪᠦᠯᠦᠭ ᠤᠯᠤᠰ ᠤᠨ ᠴᠡᠴᠡᠷᠯᠢᠭ ᠢ 5 ᠪᠠᠶᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ 9000 ᠭᠠᠷᠤᠢ ᠪᠠᠶᠢᠭᠤᠯᠪᠠ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠪᠠ᠃      — ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠵᠢᠭᠳᠡ ᠪᠠᠶᠢᠯᠭᠠᠵᠤ᠂ ᠪᠦᠭᠦ ᠤᠯᠤᠰ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠵᠢᠯ ᠳᠤᠮᠳᠠᠴᠢ ᠪᠠᠷ 5.1% ᠪᠠᠷ ᠨᠡᠮᠡᠭᠳᠡᠪᠡ᠃ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠵᠢᠯ ᠳᠤᠮᠳᠠᠴᠢ ᠪᠠᠷ 2.1% ᠪᠠᠷ ᠥᠰᠪᠡ᠃ ᠰᠢᠨ᠎ᠡ ᠪᠠᠷ ᠨᠡᠮᠡᠭᠳᠡᠭᠰᠡᠨ ᠭᠦᠳᠡᠯᠮᠦᠷᠢ ᠶᠢᠨ ᠬᠦᠴᠦᠨ ᠤ ᠰᠤᠷᠭᠠᠨ ᠬᠥᠮᠦᠵᠢᠯ ᠭᠦᠷᠲᠡᠭᠦ ᠳᠤᠮᠳᠠᠴᠢ ᠵᠢᠯ ᠬᠤᠭᠤᠴᠠᠭ᠎ᠠ 13.5 ᠵᠢᠯ ᠪᠠᠶᠢᠭᠰᠠᠨ ᠠᠴᠠ ᠪᠠᠨ 14 ᠵᠢᠯ ᠪᠣᠯᠵᠤ ᠳᠡᠭᠡᠭᠰᠢᠯᠡᠪᠡ᠃ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠰᠠᠨ ᠬᠥᠮᠥᠨ ᠤ ᠲᠤᠭ᠎ᠠ 1.4 ᠳ᠋ᠦᠩᠰᠢᠭᠤᠷ ᠨᠡᠮᠡᠭᠳᠡᠨ᠂ 10.5 ᠳ᠋ᠦᠩᠰᠢᠭᠤᠷ ᠬᠥᠮᠥᠨ ᠢ ᠬᠠᠮᠤᠷᠴᠤ᠂ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠣᠯᠠᠨ ᠵᠢᠯ ᠳᠤ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠨᠡᠶᠢᠲᠡ 4200 ᠭᠠᠷᠤᠢ ᠲᠦᠮᠡᠨ ᠢᠵᠢ ᠣᠷᠣᠨ ᠰᠠᠭᠤᠴᠠ ᠶᠢ ᠥᠭᠡᠷᠡᠴᠢᠯᠡᠨ ᠵᠠᠰᠠᠵᠤ᠂ ᠳ᠋ᠦᠩᠰᠢᠭᠤᠷ ᠭᠠᠷᠤᠢ ᠬᠥᠮᠥᠨ ᠳᠥᠭᠦᠮ ᠪᠦᠲᠦᠴᠡᠲᠦ ᠣᠷᠣᠨ ᠰᠠᠭᠤᠴᠠ ᠠᠴᠠ  ᠪᠠᠨ ᠠᠰᠠᠷ ᠲᠤ ᠨᠡᠭᠦᠵᠦ ᠣᠷᠣᠭᠠᠳ ᠠᠮᠤᠭᠤᠯᠠᠩ ᠰᠠᠭᠤᠴᠠ ᠲᠠᠢ ᠪᠣᠯᠪᠠ᠃      ᠣᠯᠠᠨ ᠵᠢᠯ ᠨᠠᠷᠢᠨ ᠨᠢᠮᠪᠠᠢ ᠪᠡᠯᠡᠳᠬᠡᠯ ᠬᠢᠬᠦ ᠪᠠᠷ ᠳᠠᠮᠵᠢᠭᠠᠳ᠂ ᠠᠷᠪᠢᠴᠢ ᠭᠠᠮᠲᠠᠢ᠂ ᠠᠮᠤᠷ ᠲᠦᠪᠰᠢᠨ᠂ ᠭᠠᠶᠢᠬᠠᠯᠲᠠᠢ ᠰᠠᠶᠢᠬᠠᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠨ᠂ ᠤᠯᠠᠨ ᠲᠦᠮᠡᠨᠴᠢ ᠴᠢᠨᠠᠷᠲᠠᠢ ᠮᠥᠰᠥ ᠴᠠᠰᠤᠨ ᠳᠡᠭᠡᠷᠡᠬᠢ ᠬᠥᠳᠡᠯᠭᠡᠭᠡᠨ ᠢ ᠠᠬᠢᠭᠤᠯᠬᠤ᠂ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠠᠬᠢᠭᠤᠯᠬᠤ᠂ ᠳᠡᠯᠡᠬᠡᠢ ᠶᠢᠨ ᠠᠷᠠᠳ ᠲᠦᠮᠡᠨ ᠤ ᠪᠦᠯᠬᠦᠮᠳᠡᠯ ᠨᠥᠬᠦᠷᠯᠡᠯ ᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠭᠤᠷᠪᠠᠨ ᠵᠢᠯ ᠭᠠᠷᠤᠢ ᠶᠢᠨ ᠲᠤᠷᠰᠢ᠂ ᠰᠢ  ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠡᠮᠨᠡᠯᠭᠡ ᠶᠢᠨ ᠡᠬᠢ ᠪᠠᠶᠠᠯᠢᠭ ᠪᠠ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠳ ᠢ ᠪᠦᠭᠦ ᠬᠦᠴᠦᠨ ᠢᠶᠠᠷ ᠢᠶᠠᠨ ᠠᠪᠤᠷᠠᠨ ᠵᠠᠰᠠᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠲᠦᠮᠵᠢᠲᠡᠶ ᠬᠠᠮᠠᠭᠠᠯᠠᠵᠤ᠂ ᠴᠠᠭ ᠪᠠ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠨ ᠬᠢᠵᠠᠭᠠᠷᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠪᠦᠭᠦ ᠤᠯᠤᠰ ᠤᠨ ᠠᠷᠠᠳ ᠲᠦᠮᠡᠨ ᠰᠢᠨᠲᠠᠷᠠᠰᠢ ᠦᠭᠡᠢ ᠴᠢᠷᠮᠠᠶᠢᠵᠤ᠂ ᠴᠢᠬᠤᠯᠠ ᠶᠡᠭᠡ ᠰᠢᠢᠳᠪᠦᠷᠢᠯᠡᠭᠴᠢ ᠴᠢᠨᠠᠷᠲᠠᠢ ᠢᠯᠠᠯᠲᠠ ᠶᠢ ᠣᠯᠪᠠ᠃ ᠬᠢᠵᠢᠭ ᠢ ᠡᠰᠡᠷᠭᠦᠴᠡᠬᠦ ᠲᠤᠶᠢᠯ ᠤᠨ ᠶᠡᠷᠦ ᠪᠤᠰᠤ ᠶᠢᠨ ᠥᠩᠭᠡᠷᠡᠯᠲᠡ ᠳᠤᠮᠳᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠡᠭᠡ ᠬᠡᠮᠵᠢᠶᠡᠨ ᠤ ᠠᠵᠢᠯ ᠬᠢᠵᠦ᠂ ᠡᠯ᠎ᠡ ᠠᠵᠢᠯ ᠲᠥᠷᠥᠯ ᠤᠨ ᠬᠢᠨ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠥᠷᠭᠡᠨ ᠣᠯᠠᠨ ᠡᠮᠨᠡᠯᠭᠡ ᠶᠢᠨ ᠠᠵᠢᠯᠲᠠᠨ ᠬᠦᠴᠢᠷ ᠪᠡᠷᠬᠡ ᠠᠴᠠ ᠦᠯᠦ ᠰᠦᠷᠳᠡᠨ᠂ ᠢᠯᠠᠩᠭᠤᠶ᠎ᠠ ᠲᠦᠭ ᠲᠦᠮᠡᠨ ᠠᠷᠠᠳ ᠲᠦᠮᠡᠨ ᠤᠯᠠᠨ ᠳᠠᠪᠬᠤᠷ ᠪᠡᠷᠬᠡᠰᠢᠶᠡᠯ ᠢ ᠢᠯᠡᠨ ᠳᠠᠪᠠᠵᠤ᠂ ᠬᠤᠪᠢ ᠨᠡᠮᠡᠷᠢ ᠣᠷᠣᠭᠤᠯᠵᠤ ᠬᠠᠷᠠᠮ ᠦᠭᠡᠢ ᠵᠣᠷᠢᠭᠤᠯᠤᠭᠰᠠᠨ ᠨᠢ ᠴᠥᠮ ᠲᠤᠶᠢᠯ ᠤᠨ ᠭᠢᠯᠪᠡᠷ ᠪᠤᠰᠤ ᠶᠠᠪᠤᠳᠠᠯ ᠶᠤᠮ᠂ ᠤᠯᠡᠨ ᠢᠶᠠᠷ ᠢᠶᠠᠨ ᠬᠢᠵᠢᠭ ᠤᠨ ᠬᠦᠨᠳᠦ ᠶᠡᠭᠡ ᠰᠢᠯᠭᠠᠯᠲᠠ ᠶᠢ ᠬᠠᠮᠲᠤ ᠪᠠᠷ ᠡᠰᠡᠷᠭᠦᠴᠡᠨ ᠬᠤᠷᠢᠭᠯᠠᠵᠤ᠂ ᠬᠠᠷᠠᠬᠠᠨ ᠳᠠᠭᠤᠰᠤᠭᠠᠳᠤᠢ ᠬᠢᠵᠢᠭ ᠤᠨ ᠡᠮᠦᠨ᠎ᠡ᠂ ᠮᠥᠨ ᠯᠡ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠭᠡᠳ ᠣᠯᠣᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠵᠦ ᠪᠠᠶᠢᠨ᠎ᠠ᠃      ᠲᠥᠯᠥᠭᠡᠯᠡᠭᠴᠢᠳ ᠠ᠋︕      ᠲᠠᠪᠤᠨ ᠵᠢᠯ ᠤᠨ ᠲᠤᠷᠰᠢ᠂ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠭᠤᠣᠯᠳᠠᠭᠤ ᠳᠣᠣᠷᠠᠬᠢ ᠠᠵᠢᠯ ᠤᠳ ᠢ ᠬᠢᠪᠡ᠃      ︵ᠨᠢᠭᠡ︶ ᠬᠤᠷᠸ᠎ᠠ ᠲᠣᠬᠢᠷᠠᠭᠤᠯᠤᠯ ᠡᠵᠡᠮᠳᠡᠯ ᠤᠨ ᠰᠢᠨ᠎ᠡ ᠶᠢ ᠡᠭᠦᠳᠴᠦ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠬᠡᠪᠴᠢᠶᠡᠨ ᠳᠤ ᠪᠠᠶᠢᠯᠭᠠᠪᠠ᠃ ᠠᠷᠠᠯᠵᠢᠶᠠᠨ ᠤ ᠬᠠᠮᠠᠭᠠᠯᠠᠬᠤ ᠦᠵᠡᠯ ᠲᠣᠯᠣᠭᠠᠢ ᠥᠨᠳᠡᠶᠢᠭᠰᠡᠨ᠂ ᠬᠢᠵᠢᠭ ᠤᠨ ᠳᠠᠭᠠᠷᠢᠯᠲᠠ ᠢᠷᠡᠭᠰᠡᠨ ᠵᠡᠷᠭᠡ ᠬᠤᠶᠢᠨ᠎ᠠ ᠬᠤᠶᠢᠨ᠎ᠠ ᠠᠴᠠ ᠪᠠᠨ ᠵᠠᠯᠭᠠᠯᠳᠤᠭᠰᠠᠨ ᠬᠠᠲᠠᠭᠤ ᠴᠢᠩᠭ᠎ᠠ ᠰᠢᠯᠭᠠᠯᠲᠠ ᠶᠢᠨ ᠡᠮᠦᠨ᠎ᠡ ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠡᠯᠡ ᠣᠷᠣᠭᠤᠯᠤᠯᠲᠠ ᠳᠤ ᠬᠡᠲᠦᠷᠬᠡᠢ ᠲᠦᠰᠢᠭᠯᠡᠬᠦ ᠦᠭᠡᠢ ᠪᠠᠶᠢᠵᠤ᠂ ᠡᠳ᠋ ᠤᠨ ᠵᠠᠰᠠᠭ ᠤᠨ ᠪᠠ ᠵᠣᠭᠤᠰᠤᠨ ᠤ ᠵᠡᠷᠭᠡ ᠲᠦᠷᠦ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠨᠢ ᠨᠡᠮᠡᠭᠳᠡᠭᠦᠯᠦᠨ᠂ ᠵᠠᠬ᠎ᠠ ᠳᠡᠯᠭᠡᠭᠦᠷ ᠤᠨ ᠬᠤᠪᠢᠷᠠᠯᠲᠠ ᠳᠤ ᠰᠢᠭᠤᠳ ᠬᠠᠨᠳᠤᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠦᠴᠢᠷᠳᠡᠯ ᠢᠶᠠᠨ ᠰᠢᠢᠳᠪᠦᠷᠢᠯᠡᠨ ᠭᠦᠭᠵᠢᠭᠦ ᠶᠢ ᠭᠤᠣᠯᠳᠠᠯᠭ᠎ᠠ ᠲᠠᠢ ᠲᠡᠮᠵᠢᠭᠦ ᠶᠢᠨ ᠤᠯᠠᠮ ᠠᠴᠠ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠵᠤ ᠠᠷᠠᠳ ᠤᠨ ᠠᠮᠢᠳᠤᠷᠠᠯ ᠢ ᠪᠠᠲᠤᠯᠠᠪᠠ᠃ ᠣᠨ ᠤ ᠭᠤᠣᠯ ᠭᠤᠣᠯ ᠵᠢᠱᠢᠭᠰᠡᠨ ᠬᠠᠷᠠᠯᠲᠠ ᠶᠢ ᠨᠢᠭᠡᠨ ᠣᠷᠭᠠᠨᠢᠭ ᠪᠦᠬᠦᠯᠢ ᠴᠣᠭᠴᠠ ᠪᠣᠯᠭᠠᠨ ᠡᠵᠡᠮᠳᠡᠵᠦ᠂ ᠬᠡᠪᠴᠢᠶᠡᠲᠦ ᠲᠣᠬᠢᠷᠠᠭᠤᠯᠤᠯ ᠡᠵᠡᠮᠳᠡᠯ᠂ ᠬᠠᠨᠳᠤᠯᠭᠠᠲᠤ ᠲᠣᠬᠢᠷᠠᠭᠤᠯᠤᠯ ᠡᠵᠡᠮᠳᠡᠯ᠂ ᠲᠣᠬᠢᠶᠠᠯᠳᠤ ᠲᠣᠬᠢᠷᠠᠭᠤᠯᠤᠯ ᠡᠵᠡᠮᠳᠡᠯ᠂ ᠨᠠᠷᠢᠯᠢᠭ ᠤᠨᠤᠴᠠᠳᠤ ᠲᠣᠬᠢᠷᠠᠭᠤᠯᠤᠯ ᠡᠵᠡᠮᠳᠡᠯ ᠢ ᠴᠢᠩᠭᠠᠳᠬᠠᠵᠤ᠂ ᠡᠷᠡᠰ ᠰᠢᠭᠤᠷᠬᠠᠢ ᠪᠠᠷ ᠡᠷᠴᠢᠮ ᠢᠶᠠᠨ ᠴᠢᠩᠭᠠᠷᠠᠭᠤᠯᠤᠭᠰᠠᠨ ᠮᠥᠷᠲᠡᠭᠡᠨ ︽ᠨᠡᠯᠦᠶᠢᠯᠭᠡᠨ ᠤᠰᠤᠯᠠᠬᠤ ᠦᠭᠡᠢ︾᠂ ᠬᠡᠲᠦᠷᠡᠲᠡᠯ᠎ᠡ ᠤᠷᠢᠳᠴᠢᠯᠠᠨ ᠵᠠᠷᠤᠴᠠᠭᠤᠯᠬᠤ ᠦᠭᠡᠢ ᠪᠠᠶᠢᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠬᠤ ᠶᠢ ᠴᠢᠩᠭᠠᠳᠬᠠᠨ᠂ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠪᠠᠷ ᠠᠵᠤ ᠠᠬᠤᠢ ᠶᠢᠨ ᠰᠠᠭᠠᠳ ᠲᠣᠳᠬᠠᠷ ᠢ ᠳᠠᠪᠠᠵᠤ᠂ ᠦᠷᠭᠦᠯᠵᠢᠯᠡᠨ ᠤᠷᠤᠭᠰᠢᠯᠠᠬᠤ ᠶᠢ ᠠᠬᠢᠭᠤᠯᠪᠠ᠃      ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠪᠠ᠃ ᠤᠯᠠᠭᠠᠨ ᠲᠤᠭ᠎ᠠ ᠶᠢᠨ ᠬᠡᠪᠴᠢᠶ᠎ᠡ ᠶᠢ ᠵᠦᠢ ᠵᠣᠬᠢᠰᠲᠠᠢ ᠡᠵᠡᠮᠳᠡᠵᠦ᠂ ᠲᠠᠪᠤᠨ ᠵᠢᠯ ᠤᠨ ᠶᠡᠷᠦᠩᠬᠡᠢ ᠤᠯᠠᠭᠠᠨ ᠲᠤᠭ᠎ᠠ ᠶᠢᠨ ᠨᠤᠷᠮ᠎ᠠ ᠶᠢ 3% ᠶᠢᠨ ᠳᠣᠲᠣᠷ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠥᠭᠴᠡᠭᠡᠨ ᠤ ᠨᠤᠷᠮ᠎ᠠ ᠶᠢ 50% ᠣᠷᠴᠢᠮ ᠳᠤ ᠬᠢᠵᠠᠭᠠᠷᠯᠠᠪᠠ᠃ ᠵᠠᠷᠤᠯᠭ᠎ᠠ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠦᠨᠳᠦᠰᠦᠨ ᠠᠷᠠᠳ ᠤᠨ ᠠᠮᠢᠳᠤᠷᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠬᠦᠴᠦᠲᠡᠢ ᠪᠠᠲᠤᠯᠠᠪᠠ᠃ ᠶᠡᠭᠡ ᠬᠡᠪᠴᠢᠶᠡᠨ ᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠳᠦᠷᠢᠮ ᠤᠨ ᠴᠢᠨᠠᠷᠲᠠᠢ ᠲᠣᠬᠢᠷᠠᠭᠤᠯᠤᠯᠲᠠ ᠪᠣᠯᠣᠨ ᠱᠠᠲᠤ ᠦᠶᠡᠴᠢ ᠴᠢᠨᠠᠷᠲᠠᠢ ᠠᠷᠭ᠎ᠠ ᠬᠡᠮᠵᠢᠶ᠎ᠡ ᠶᠢ ᠤᠶᠠᠯᠳᠤᠭᠤᠯᠵᠤ᠂ ᠬᠢᠵᠢᠭ ᠡᠭᠦᠰᠦᠭᠰᠡᠨ ᠤ ᠳᠠᠷᠠᠭ᠎ᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠳᠠᠭᠠᠷᠢᠯᠲᠠ ᠶᠢ ᠠᠷᠭᠠᠴᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠪᠠ᠃ ᠡᠵᠡᠩᠨᠡᠯᠲᠡ ᠶᠢᠨ ᠭᠠᠶᠢᠯᠢ ᠲᠠᠲᠠᠪᠤᠷᠢᠯᠠᠵᠤ ᠪᠠᠶᠢᠭᠰᠠᠨ ᠢ ᠦᠷᠳᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠪᠣᠯᠭᠠᠨ ᠥᠭᠡᠷᠡᠴᠢᠯᠡᠬᠦ ᠡᠭᠦᠷᠭᠡ ᠶᠢ ᠲᠤᠭᠤᠰᠢᠲᠠᠢ ᠪᠡᠶᠡᠯᠡᠭᠦᠯᠵᠦ᠂ ᠡᠵᠡᠩᠨᠡᠯᠲᠡ ᠶᠢᠨ ᠭᠠᠶᠢᠯᠢ ᠶᠢ ᠬᠦᠴᠦᠨ ᠦᠭᠡᠢ ᠪᠤᠯᠭᠠᠵᠤ᠂ ᠥᠷᠲᠡᠭ ᠨᠡᠮᠡᠭᠳᠡᠯ ᠤᠨ ᠭᠠᠶᠢᠯᠢ ᠶᠢᠨ ᠣᠷᠣᠯᠭ᠎ᠠ ᠶᠢᠨ ᠡᠵᠡᠯᠡᠭᠦ ᠬᠠᠷᠢᠴᠠᠯ ᠢᠶᠠᠷ ᠬᠠᠮᠤᠭ ᠤᠨ ᠥᠨᠳᠥᠷ᠂ ᠬᠤᠯᠪᠣᠭᠳᠠᠬᠤ ᠠᠵᠢᠯ ᠲᠥᠷᠥᠯ ᠨᠢ ᠥᠷᠭᠡᠨ ᠳᠡᠯᠭᠡᠷ ᠪᠠᠶᠢᠳᠠᠭ ᠭᠠᠶᠢᠯᠢ ᠶᠢᠨ ᠨᠣᠷᠮ᠎ᠠ ᠶᠢ 17% ᠪᠠᠶᠢᠭᠰᠠᠨ ᠠᠴᠠ 13% ᠪᠤᠯᠳᠠᠯ᠎ᠠ ᠪᠠᠭᠤᠷᠠᠭᠤᠯᠵᠤ᠂ ᠪᠠᠭ᠎ᠠ ᠬᠡᠮᠵᠢᠶᠡᠨ ᠤ ᠭᠠᠶᠢᠯᠢ ᠲᠤᠰᠢᠶᠠᠭᠴᠢ ᠶᠢᠨ ᠥᠷᠲᠡᠭ ᠨᠡᠮᠡᠭᠳᠡᠯ ᠤᠨ ᠭᠠᠶᠢᠯᠢ ᠶᠢᠨ ᠡᠬᠢᠯᠡᠵᠦ ᠲᠠᠲᠠᠪᠤᠷᠢᠯᠠᠬᠤ ᠴᠡᠭ ᠢ ᠰᠠᠷ᠎ᠠ ᠶᠢᠨ ᠪᠣᠷᠣᠯᠠᠭᠤᠯᠤᠯᠲᠠ ᠶᠢᠨ ᠬᠡᠮᠵᠢᠶ᠎ᠡ ᠨᠢ 3 ᠲᠦᠮᠡᠨ ᠲᠥᠭᠦᠷᠢᠭ ᠪᠠᠶᠢᠭᠰᠠᠨ ᠠᠴᠠ 15 ᠲᠦᠮᠡᠨ ᠲᠥᠭᠦᠷᠢᠭ ᠪᠤᠯᠳᠠᠯ᠎ᠠ ᠱᠠᠲᠤ ᠦᠶᠡᠴᠢ ᠴᠢᠨᠠᠷᠲᠠᠢ ᠪᠠᠷ ᠳᠡᠭᠡᠭᠰᠢᠯᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠪᠣᠳᠠᠲᠠᠢ ᠬᠠᠮᠤᠭ ᠤᠨ ᠳᠣᠣᠷ᠎ᠠ ᠭᠠᠶᠢᠯᠢ ᠶᠢᠨ ᠡᠭᠦᠷᠭᠡᠯᠡᠯ ᠤᠨ ᠨᠣᠷᠮ᠎ᠠ ᠶᠢ 10% ᠪᠠᠶᠢᠭᠰᠠᠨ ᠠᠴᠠ 2.5% ᠪᠤᠯᠲᠠᠯ᠎ᠠ ᠱᠠᠲᠤ ᠦᠶᠡᠴᠢ ᠴᠢᠨᠠᠷᠲᠠᠢ ᠪᠠᠷ ᠪᠠᠭᠤᠷᠠᠭᠤᠯᠪᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠳᠤ ᠭᠤᠤᠯᠴᠢ ᠪᠥᠭᠡᠳ ᠲᠦᠭᠡᠮᠡᠯ ᠬᠠᠷᠠᠭᠠᠯᠵᠠᠯ ᠦᠵᠡᠭᠦᠯᠦᠨ᠂ ᠥᠨᠳᠥᠷ ᠪᠦᠲᠦᠮᠵᠢᠲᠡᠶ ᠪᠥᠭᠡᠳ ᠰᠢᠭᠤᠳ ᠪᠠᠭᠤᠯᠭᠠᠵᠤ᠂ ᠲᠠᠪᠤᠨ ᠵᠢᠯ ᠳᠤ ᠨᠡᠶᠢᠲᠡ 5.4 ᠲᠦᠮᠡᠨ ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠨ᠂ 2.8 ᠲᠦᠮᠡᠨ ᠳ᠋ᠦᠩᠰᠢᠭᠤᠷ ᠲᠥᠭᠦᠷᠢᠭ ᠤᠨ ᠰᠦᠢᠳᠬᠡᠯ ᠢ ᠪᠠᠭᠤᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷ ᠪᠡᠷᠬᠡ ᠶᠢ ᠲᠤᠭᠤᠯᠤᠭᠤᠯᠵᠤ᠂ ᠬᠦᠴᠦ ᠲᠠᠮᠢᠷ ᠢ ᠨᠢ ᠬᠠᠳᠠᠭᠠᠯᠠᠵᠤ ᠴᠢᠳᠠᠭᠰᠠᠨ ᠮᠥᠷᠲᠡᠭᠡᠨ ᠡᠳ᠋ ᠤᠨ ᠢᠷᠡᠯᠲᠡ ᠶᠢ ᠲᠡᠳᠬᠦᠨ ᠪᠣᠶᠢᠵᠢᠭᠤᠯᠵᠤ᠂ ᠭᠠᠶᠢᠯᠢ ᠶᠢᠨ ᠢᠷᠡᠯᠲᠡ ᠶᠢ ᠬᠠᠳᠠᠭᠠᠯᠠᠨ ᠬᠠᠮᠠᠭᠠᠯᠠᠪᠠ᠂ ᠢᠩᠭᠢᠭᠰᠡᠨ ᠢᠶᠠᠷ ᠵᠢᠯ ᠳᠤᠮᠳᠠᠴᠢ ᠪᠠᠷ ᠰᠢᠨ᠎ᠡ ᠪᠠᠷ ᠨᠡᠮᠡᠭᠳᠡᠭᠰᠡᠨ ᠭᠠᠶᠢᠯᠢ ᠳᠤ ᠬᠤᠯᠪᠣᠭᠳᠠᠬᠤ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ 1100 ᠲᠦᠮᠡ ᠶᠢ ᠳᠠᠪᠠᠵᠤ᠂ ᠡᠯ᠎ᠡ ᠣᠨ ᠤ ᠲᠥᠪ ᠤᠨ ᠡᠳ᠋ ᠤᠨ ᠵᠠᠰᠠᠭ ᠤᠨ ᠣᠷᠣᠯᠭ᠎ᠠ ᠶᠢᠨ ᠲᠥᠰᠥᠪ ᠢ ᠴᠥᠮ ᠤᠷᠤᠭᠰᠢᠲᠠᠢ ᠪᠡᠶᠡᠯᠡᠭᠦᠯᠪᠡ᠂ ᠦᠯᠡᠳᠡᠭᠰᠡᠨ ᠰᠠᠭᠤᠳᠬᠠᠯ ᠭᠠᠶᠢᠯᠢ ᠶᠢ ᠪᠤᠴᠠᠭᠠᠭᠰᠠᠨ ᠬᠦᠴᠦᠨ ᠵᠦᠢᠯ ᠢ ᠪᠣᠳᠣᠯᠬᠢᠯᠠᠪᠠᠯ᠂ ᠪᠦᠭᠦ ᠤᠯᠤᠰ ᠤᠨ ᠡᠳ᠋ ᠤᠨ ᠵᠠᠰᠠᠭ ᠤᠨ ᠤᠷᠤᠯᠭ᠎ᠠ ᠠᠷᠪᠠᠨ ᠵᠢᠯ ᠳᠤ ᠬᠤᠶᠠᠷ ᠳᠠᠭᠢᠨ ᠰᠢᠬᠠᠮ ᠪᠤᠯᠳᠠᠯ᠎ᠠ ᠨᠡᠮᠡᠭᠳᠡᠪᠡ᠃ ᠡᠳ᠋ ᠤᠨ ᠬᠦᠴᠦᠨ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠲᠥᠪ ᠤᠨ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠳᠠᠬᠢ ᠣᠷᠣᠨ ᠨᠤᠲᠤᠭ ᠲᠤ ᠰᠢᠯᠵᠢᠭᠦᠯᠦᠨ ᠥᠭᠬᠦ ᠵᠠᠷᠤᠯᠭ᠎ᠠ ᠶᠢᠨ ᠡᠵᠡᠯᠡᠭᠦ ᠬᠠᠷᠢᠴᠠᠯ ᠢ 70% ᠣᠷᠴᠢᠮ ᠪᠤᠯᠲᠠᠯ᠎ᠠ ᠳᠡᠭᠡᠭᠰᠢᠯᠡᠭᠦᠯᠵᠦ᠂ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠭᠤᠳ ᠪᠠᠭᠤᠯᠭᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠪᠠᠶᠢᠩᠭᠤᠵᠢᠭᠤᠯᠤᠨ ᠬᠡᠷᠡᠭᠵᠢᠭᠦᠯᠪᠡ᠃ ᠡᠯ᠎ᠡ ᠱᠠᠲᠤᠨ ᠤ ᠵᠠᠰᠠᠭ ᠤᠨ ᠣᠷᠳᠣᠨ ᠭᠠᠮᠨᠠᠵᠤ ᠠᠮᠢᠳᠤᠷᠠᠬᠤ ᠶᠢ ᠪᠠᠷᠢᠮᠲᠠᠯᠠᠨ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠲᠥᠪ ᠤᠨ ᠰᠠᠯᠠᠭ᠎ᠠ ᠮᠥᠴᠢᠷ ᠲᠦᠷᠦᠭᠦᠯᠡᠨ ᠵᠠᠷᠤᠯᠭ᠎ᠠ ᠪᠠᠨ ᠪᠠᠭᠠᠰᠬᠠᠵᠤ᠂ ᠬᠠᠳᠠᠭᠠᠯᠠᠯᠲᠠ ᠪᠡᠯᠡ ᠮᠥᠩᠭᠦ ᠪᠠ ᠰᠤᠯᠠ ᠪᠠᠶᠢᠭ᠎ᠠ ᠪᠡᠯᠡ ᠬᠥᠷᠥᠩᠭᠡ ᠶᠢ ᠠᠮᠢᠳᠤᠯᠢᠭ ᠪᠣᠯᠭᠠᠨ᠂ ᠶᠡᠭᠦᠯᠡᠵᠦ ᠭᠠᠷᠭᠠᠭᠰᠠᠨ ᠪᠡᠯᠡ ᠮᠥᠩᠭᠦ ᠪᠠᠷ ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠶᠢᠯᠠᠯ ᠳᠤ ᠠᠰᠢᠭ ᠬᠦᠷᠲᠡᠭᠡᠨ ᠠᠷᠠᠳ ᠢ ᠪᠠᠶᠠᠵᠢᠭᠤᠯᠵᠤ᠂ ᠪᠦᠭᠦ ᠤᠯᠤᠰ ᠤᠨ ᠡᠳ᠋ ᠤᠨ ᠵᠠᠰᠠᠭ ᠤᠨ ᠵᠠᠷᠤᠯᠭ᠎ᠠ ᠶᠢᠨ 70% ᠠᠴᠠ ᠳᠡᠭᠡᠭᠰᠢᠬᠢ ᠶᠢ ᠨᠢ ᠠᠷᠠᠳ ᠤᠨ ᠠᠮᠢᠳᠤᠷᠠᠯ ᠳᠤ ᠬᠡᠷᠡᠭᠯᠡᠪᠡ᠃      ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠪᠠ᠃ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠲᠥᠷᠥ ᠶᠢᠨ ᠪᠣᠳᠣᠯᠭ᠎ᠠ ᠶᠢᠨ ᠡᠷᠴᠢᠮ ᠢ ᠠᠮᠢᠳᠤᠯᠢᠭ ᠢᠶᠠᠷ ᠡᠵᠡᠮᠳᠡᠵᠦ᠂ ᠭᠦᠢᠯᠭᠡᠭᠡᠨ ᠤ ᠴᠢᠨᠠᠷ ᠢ ᠵᠦᠢ ᠵᠣᠬᠢᠰᠲᠠᠢ ᠪᠥᠭᠡᠳ ᠭᠦᠢᠴᠡᠳ ᠲᠡᠭᠦᠯᠳᠡᠷ ᠪᠠᠶᠢᠯᠭᠠᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠤᠷᠮ᠎ᠠ ᠶᠢ ᠪᠠᠭᠤᠷᠠᠭᠤᠯᠬᠤ᠂ ᠳᠠᠭᠢᠨ ᠵᠢᠭᠡᠯᠡᠯᠭᠡ ᠥᠭᠬᠦ ᠵᠡᠷᠭᠡ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠰᠠᠶᠢᠲᠤᠷ ᠬᠡᠷᠡᠭᠯᠡᠵᠦ᠂ ᠪᠣᠳᠠᠲᠤ ᠴᠣᠭᠴᠠ ᠶᠢᠨ ᠠᠵᠤ ᠠᠬᠤᠢ ᠳᠤ ᠦᠵᠡᠭᠦᠯᠭᠦ ᠪᠦᠲᠦᠮᠵᠢᠲᠡᠶ ᠳᠡᠮᠵᠢᠯᠭᠡ ᠪᠠᠨ ᠴᠢᠩᠭᠠᠳᠬᠠᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠵᠡᠷᠭᠡ ᠠᠰᠠᠭᠤᠳᠠᠯ ᠢ ᠨᠠᠮᠳᠠᠭᠤᠯᠪᠠ᠃ ᠦᠢᠯᠡᠳᠭᠦ ᠦᠢᠯᠡᠰ ᠤᠨ ᠵᠢᠭᠡᠯᠡᠯᠭᠡ ᠶᠢᠨ ᠦᠯᠡᠳᠡᠪᠦᠷᠢ 16.3 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 27.4 ᠲᠦᠮᠡᠨ ᠳ᠋ᠦᠩᠰᠢᠭᠤᠷ ᠲᠥᠭᠦᠷᠢᠭ ᠪᠤᠯᠲᠠᠯ᠎ᠠ ᠨᠡᠮᠡᠭᠳᠡᠪᠡ᠃ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠦᠯᠡᠳᠡᠪᠦᠷᠢ 8.2 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 23.8 ᠲᠦᠮᠡᠨ ᠳ᠋ᠦᠩᠰᠢᠭᠤᠷ ᠲᠥᠭᠦᠷᠢᠭ ᠪᠤᠯᠳᠠᠯ᠎ᠠ ᠨᠡᠮᠡᠭᠳᠡᠵᠦ᠂ ᠵᠢᠯ ᠳᠤᠮᠳᠠᠴᠢ ᠪᠠᠷ 24% ᠪᠠᠷ ᠨᠡᠮᠡᠭᠳᠡᠵᠦ᠂ ᠵᠢᠭᠡᠯᠡᠯᠭᠡ ᠶᠢᠨ ᠳᠤᠮᠳᠠᠴᠢ ᠬᠦᠦ ᠶᠢᠨ ᠨᠤᠷᠮ᠎ᠠ ᠲᠠᠪᠤᠨ ᠵᠢᠯ ᠤᠨ ᠡᠮᠦᠨᠡᠬᠢ ᠠᠴᠠ 1.5 ᠵᠠᠭᠤᠨ ᠤ ᠨᠢᠭᠡᠴᠢ ᠪᠠᠷ ᠪᠠᠭᠤᠷᠠᠪᠠ᠃ ᠳᠤᠮᠳᠠ ᠵᠢᠵᠢᠭ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠦᠷᠢᠳᠦᠭᠦ ᠶᠢ ᠢᠯᠭᠠᠷᠠᠭᠤᠯᠤᠨ ᠲᠢᠭᠯᠡᠭᠦ ᠡᠷᠴᠢᠮ ᠢ ᠴᠢᠩᠭᠠᠷᠠᠭᠤᠯᠪᠠ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠬᠠᠷᠢᠮᠠᠬᠠᠢ ᠴᠢᠨᠠᠷ ᠨᠢ ᠴᠢᠩᠭᠠᠷᠠᠵᠤ᠂ ᠦᠨᠳᠦᠰᠦᠨ ᠳᠡᠭᠡᠨ ᠲᠣᠭᠲᠠᠭᠤᠨ ᠪᠠᠶᠢᠨ᠎ᠠ᠃ ᠤᠯᠤᠰ ᠤᠨ ᠦᠮᠴᠢᠯᠡᠯ ᠤᠨ ᠬᠤᠳᠠᠯᠳᠤᠭᠠᠨ ᠤ ᠪᠠᠩᠬᠢ ᠪᠠ ᠬᠥᠳᠡᠭᠡ ᠳᠤᠰᠬᠤᠨ ᠤ ᠢᠲᠡᠭᠡᠮᠵᠢ ᠶᠢᠨ ᠬᠤᠷᠰᠢᠶ᠎ᠠ ᠵᠡᠷᠭᠡ ᠶᠢᠨ 14486 ᠳ᠋ᠦᠡᠭᠰᠢᠭᠤᠷ ᠲᠥᠭᠦᠷᠢᠭ ᠤᠨ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢᠨ ᠲᠡᠦᠬᠡᠨ ᠥᠪᠡᠷ ᠤᠨ ᠦᠷᠳᠡᠭ ᠢ ᠪᠦᠷᠢᠮᠦᠰᠦᠨ ᠰᠢᠢᠳᠪᠦᠷᠢᠯᠡᠪᠡ᠃ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ᠂ ᠨᠢᠭᠡ ᠪᠦᠯᠦᠭ ᠲᠣᠮᠣ ᠭᠡᠯᠪᠡᠷᠢ ᠶᠢᠨ ᠠᠵᠤ ᠠᠬᠤᠶᠢᠯᠠᠯ ᠤᠨ ᠪᠦᠯᠦᠭᠯᠡᠯ ᠤᠨ ᠠᠶᠤᠯ ᠲᠦᠭᠰᠢᠭᠦᠷᠢ ᠶᠢ ᠨᠠᠷᠢᠯᠢᠭ ᠣᠨᠣᠴᠠᠲᠠᠢ ᠰᠢᠢᠳᠪᠦᠷᠢᠯᠡᠵᠦ᠂ ᠠᠶᠤᠯ ᠲᠦᠭᠰᠢᠭᠦᠷᠢ ᠶᠡᠬᠡᠲᠡᠢ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠲᠣᠭᠲᠠᠭᠤᠨ ᠢᠶᠠᠷ ᠠᠷᠢᠯᠭᠠᠵᠤ᠂ ᠲᠣᠮᠣ ᠭᠡᠯᠪᠡᠷᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠡᠷᠡᠭᠦᠯ ᠢᠶᠠᠷ ᠬᠥᠭᠵᠢᠵᠦ᠂ ᠮᠥᠩᠭᠦᠨ ᠭᠦᠢᠯᠭᠡᠭᠡᠨ ᠤ ᠰᠢᠰᠲ᠋ᠧᠮ ᠤᠨ ᠠᠵᠢᠯᠯᠠᠭᠠᠨ ᠯᠠᠪᠳᠠᠭᠤᠨ ᠲᠣᠭᠲᠠᠭᠤᠨ ᠪᠣᠯᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠡᠭᠦᠰᠬᠡᠬᠦ ᠬᠢᠵᠠᠭᠠᠷ ᠱᠤᠭᠤᠮ ᠢ ᠰᠠᠬᠢᠵᠤ ᠲᠡᠶᠢᠯᠪᠡ᠃      ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭᠠᠳᠬᠠᠪᠠ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠬᠡᠪᠴᠢᠶᠡᠨ ᠳᠤ ᠪᠠᠶᠢᠯᠭᠠᠬᠤ ᠶᠢᠨ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠪᠣᠯᠭᠠᠪᠠ᠃ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢ ᠬᠦᠴᠦᠯᠡᠨ ᠠᠬᠢᠭᠤᠯᠵᠤ᠂ ᠠᠵᠤ ᠠᠬᠤᠶᠢᠯᠠᠯ ᠤᠨ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠪᠠᠨ ᠥᠷᠭᠡᠳᠬᠡᠬᠦ ᠶᠢ ᠳᠡᠮᠵᠢᠭᠦ ᠡᠷᠴᠢᠮ ᠢ ᠴᠢᠩᠭᠠᠷᠠᠭᠤᠯᠪᠠ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠢᠭᠡᠴᠢ ᠶᠢᠨ ᠰᠦᠢᠳᠬᠡᠯ ᠲᠤᠰᠢᠶᠠᠬᠤ ᠬᠠᠷᠢᠴᠠᠯ ᠢ 20% ᠪᠠᠶᠢᠭᠰᠠᠨ ᠠᠴᠠ 16% ᠪᠣᠯᠭᠠᠨ ᠪᠠᠭᠤᠷᠠᠭᠤᠯᠬᠤ ᠶᠢᠨ ᠬᠠᠮᠲᠤ ᠪᠦᠭᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠭᠦᠯᠵᠦ᠂ ᠨᠥᠭᠡᠴᠡᠯᠡᠯᠳᠡ ᠶᠢᠨ ᠬᠡᠪᠴᠢᠶ᠎ᠡ 1.8 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2.5 ᠲᠦᠮᠡᠨ ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠵᠤ ᠨᠡᠮᠡᠭᠳᠡᠪᠡ᠃ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠤᠴᠠᠭᠠᠯᠲᠠ᠂ ᠠᠵᠢᠯᠲᠠᠨ ᠦᠯᠡᠳᠡᠭᠡᠬᠦ ᠪᠣᠯᠪᠠᠰᠤᠷᠠᠭᠤᠯᠤᠯ ᠤᠨ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠪᠦᠭᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠭᠦ ᠶᠢ ᠦᠷᠭᠦᠯᠵᠢᠯᠡᠨ ᠠᠬᠢᠭᠤᠯᠵᠤ᠂ ᠪᠦᠭᠦ ᠤᠯᠤᠰ ᠤᠨ ᠴᠣᠭᠴᠠᠯᠠᠬᠤ ᠡᠭᠦᠳᠭᠦ ᠭᠠᠷᠠᠭ ᠤᠨ ᠠᠵᠢᠯᠯᠠᠭ᠎ᠠ ᠶᠢ ᠵᠠᠯᠭᠠᠭ᠎ᠠ ᠪᠠᠷ 8 ᠬᠤᠭᠤᠴᠠᠭ᠎ᠠ ᠡᠷᠭᠢᠯᠡᠵᠦ᠂ ᠤᠷᠤᠯᠴᠠᠬᠰᠠᠨ ᠬᠥᠮᠥᠨ ᠤ ᠲᠤᠭ᠎ᠠ 5.2 ᠳ᠋ᠦᠡᠭᠰᠢᠭᠤᠷ ᠭᠠᠷᠤᠢ ᠬᠥᠮᠥᠨ ᠤᠳᠠᠭ᠎ᠠ ᠳᠤ ᠬᠦᠷᠴᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠭᠵᠢᠭᠤᠯᠵᠤ᠂ ᠬᠥᠳᠡᠯᠮᠦᠷᠢᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠠᠵᠢᠯ ᠣᠯᠬᠤ ᠰᠢᠨ᠎ᠡ ᠭᠡᠯᠪᠡᠷᠢ ᠪᠠᠶᠢᠳᠠᠯ ᠪᠠ ᠠᠮᠢᠳᠤᠯᠢᠭ ᠢᠶᠠᠷ ᠠᠵᠢᠯ ᠣᠯᠬᠤ ᠨᠢ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢᠨ ᠴᠢᠬᠤᠯᠠ ᠠᠷᠭ᠎ᠠ ᠵᠠᠮ ᠪᠣᠯᠪᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠ ᠠᠴᠠ ᠪᠠᠭᠤᠭᠰᠠᠳ᠂ ᠬᠥᠯᠥᠰᠦᠨ ᠠᠵᠢᠯᠴᠢᠨ ᠵᠡᠷᠭᠡ ᠬᠠᠮᠲᠤᠯᠢᠭ ᠲᠤ ᠠᠵᠢᠯ ᠣᠯᠭᠤᠬᠤ ᠠᠵᠢᠯ ᠢ ᠰᠠᠶᠢᠲᠤᠷ ᠬᠢᠪᠡ᠃ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠵᠡᠷᠭᠡ ᠪᠡᠯᠡ ᠮᠥᠩᠭᠦ ᠪᠠᠷ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠳᠡᠮᠵᠢᠪᠡ᠃ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠬᠴᠢ ᠨᠡᠮᠡᠵᠦ ᠡᠯᠰᠡᠭᠦ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠨᠡᠶᠢᠳᠡ 413 ᠲᠦᠮᠡᠨ ᠰᠤᠷᠤᠬᠴᠢ ᠨᠡᠮᠡᠨ ᠡᠯᠰᠡᠵᠦ᠂ 8300 ᠭᠠᠷᠤᠢ ᠲᠦᠮᠡᠨ ᠬᠥᠮᠥᠨ ᠤᠳᠠᠭ᠎ᠠ ᠪᠣᠯᠪᠠᠰᠤᠷᠠᠭᠤᠯᠪᠠ᠃ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ᠂ ᠡᠳ᠋ ᠪᠠᠶᠠᠯᠢᠭ ᠤᠨ ᠰᠤᠷᠪᠤᠯᠵᠢ ᠮᠥᠨ᠃ 14 ᠳ᠋ᠦᠩᠰᠢᠭᠤᠷ ᠭᠠᠷᠤᠢ ᠬᠥᠮᠥᠨ ᠠᠮᠠ ᠲᠠᠢ ᠲᠣᠮᠣ ᠤᠯᠤᠰ ᠠᠵᠢᠯ ᠣᠯᠭᠤᠯᠲᠠ ᠶᠢᠨ ᠲᠣᠭᠲᠠᠭᠤᠨ ᠪᠠᠶᠢᠬᠤ ᠶᠢ ᠪᠠᠲᠤᠯᠠᠵᠤ ᠴᠢᠳᠠᠭᠰᠠᠨ ᠶᠠᠪᠤᠳᠠᠯ ᠪᠣᠯ ᠲᠤᠩ ᠭᠢᠯᠪᠠᠷ ᠪᠤᠰᠤ ᠪᠥᠭᠡᠳ ᠲᠡᠭᠦᠨ ᠳᠤ ᠯᠤᠲᠤ ᠶᠡᠭᠡ ᠪᠦᠲᠦᠭᠡᠯᠴᠢ ᠬᠦᠴᠦᠨ ᠠᠭᠤᠯᠤᠭᠳᠠᠵᠤ ᠪᠠᠶᠢᠭ᠎ᠠ ᠶᠤᠮ᠃      ᠪᠠᠷᠠᠭᠠᠨ ᠤ ᠦᠨ᠎ᠡ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ ᠳᠠᠭᠠᠷᠢᠯᠲᠠ ᠶᠢ ᠠᠷᠭᠠᠴᠠᠬᠤ ᠳᠤᠮᠳᠠ ᠤᠯᠠᠭᠠᠨ ᠲᠤᠭ᠎ᠠ ᠶᠢᠨ ᠬᠡᠪᠴᠢᠶ᠎ᠡ ᠶᠢ ᠦᠷᠭᠦᠯᠵᠢᠯᠡᠨ ᠶᠡᠭᠡ ᠬᠡᠮᠵᠢᠶ᠎ᠡ ᠪᠠᠷ ᠨᠡᠮᠡᠭᠳᠡᠭᠦᠯᠦᠭᠰᠡᠨ ᠦᠭᠡᠢ᠂ ᠵᠣᠭᠤᠰ ᠢ ᠴᠦ ᠬᠡᠲᠦᠷᠡᠭᠦᠯᠦᠨ ᠲᠠᠷᠬᠠᠭᠠᠭᠰᠠᠨ ᠦᠭᠡᠢ ᠶᠠᠪᠤᠳᠠᠯ ᠨᠢ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠳᠤ ᠬᠤᠷᠸ᠎ᠠ ᠨᠥᠬᠦᠴᠡᠯ ᠢ ᠪᠦᠷᠢᠯᠳᠦᠭᠦᠯᠵᠦ ᠥᠭᠭᠦᠭᠰᠡᠨ ᠪᠠᠶᠢᠨ᠎ᠠ᠃ ᠲᠠᠷᠢᠶᠠᠯᠠᠩ ᠤᠨ ᠦᠢᠯᠡᠳᠪᠦᠷᠢᠯᠡᠯ ᠢ ᠶᠡᠭᠡ ᠬᠦᠴᠦ ᠣᠷᠣᠭᠤᠯᠤᠨ ᠠᠳᠬᠤᠵᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠯᠳᠤᠭᠤᠯᠬᠤ ᠪᠠ ᠨᠥᠭᠡᠴᠡᠯᠡᠨ ᠲᠣᠬᠢᠷᠠᠭᠤᠯᠬᠤ ᠶᠢ ᠴᠢᠩᠭᠠᠳᠬᠠᠵᠤ᠂ ᠠᠮᠤ ᠪᠤᠳᠠᠭ᠎ᠠ ᠪᠣᠯᠣᠨ ᠭᠠᠭ᠋ᠠᠢ᠂ ᠢᠳᠡᠰᠢᠨ ᠨᠣᠭᠤᠭ᠎ᠠ ᠵᠡᠷᠭᠡ ᠶᠢᠨ ᠲᠣᠭᠲᠠᠭᠤᠨ ᠬᠠᠩᠭᠠᠯᠭ᠎ᠠ ᠶᠢ ᠦᠨᠡᠨ ᠬᠦ ᠪᠠᠲᠤᠯᠠᠵᠤ᠂ ᠨᠡᠭᠦᠷᠡᠰᠦ ᠴᠠᠭᠢᠯᠭᠠᠨ ᠬᠦᠴᠦᠨ ᠤ ᠬᠠᠩᠭᠠᠯᠭ᠎ᠠ ᠪᠠᠴᠢᠮ ᠪᠠᠶᠢᠬᠤ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠪᠠ ᠦᠢᠯᠡᠳᠪᠦᠷᠢᠯᠡᠯ ᠤᠨ ᠡᠨᠧᠷᠭᠢ ᠬᠡᠷᠡᠭᠯᠡᠬᠦ ᠬᠡᠷᠡᠭᠴᠡᠭᠡ ᠶᠢ ᠬᠠᠩᠭᠠᠵᠤ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠨ᠎ᠡ ᠬᠠᠩᠰᠢ ᠶᠢᠨ ᠬᠡᠪ ᠤᠨ ᠡᠮᠬᠢ ᠵᠢᠷᠤᠮ ᠢ ᠬᠠᠮᠠᠭᠠᠯᠠᠪᠠ᠃ ᠠᠷᠪᠠᠨ ᠵᠢᠯ ᠤᠨ ᠲᠤᠷᠰᠢ ᠮᠠᠨ ᠤ ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ ᠥᠰᠦᠯᠲᠡ 2% ᠣᠷᠴᠢᠮ ᠤᠨ ᠨᠡᠯᠢᠶᠡᠳ ᠳᠣᠣᠷ᠎ᠠ ᠲᠦᠪᠰᠢᠨ ᠳᠤ ᠲᠣᠭᠲᠠᠪᠤᠷᠢᠵᠢᠭᠰᠠᠨ ᠨᠢ ᠭᠢᠯᠪᠠᠷᠬᠠᠨ ᠪᠡᠶᠡᠯᠡᠭᠳᠡᠭᠰᠡᠨ ᠰᠢᠭ ᠪᠤᠯᠪᠠᠴᠤ ᠦᠨᠡᠨ ᠳᠡᠭᠡᠨ ᠪᠡᠷᠬᠡ ᠬᠠᠲᠠᠭᠤᠵᠢᠯᠲᠠᠢ ᠪᠠᠶᠢᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠵᠢᠷᠤᠮ ᠢ ᠬᠠᠮᠠᠭᠠᠯᠠᠨ᠂ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠣᠷᠣᠨ ᠵᠠᠢ ᠬᠠᠩᠭᠠᠭᠰᠠᠨ ᠮᠥᠷᠲᠡᠭᠡᠨ ᠦᠨᠳᠦᠰᠦᠨ ᠠᠷᠠᠳ ᠤᠨ ᠠᠮᠢᠳᠤᠷᠠᠯ ᠢ ᠨᠡᠩ ᠰᠠᠶᠢᠲᠤᠷ ᠪᠠᠲᠤᠯᠠᠬᠤ ᠳᠤ ᠴᠤ ᠠᠰᠢᠭᠲᠠᠢ ᠪᠣᠯᠤᠭᠰᠠᠨ ᠶᠤᠮ᠃      ︵ᠬᠤᠶᠠᠷ︶ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠳᠤ ᠬᠤᠭᠤᠴᠠᠭ᠎ᠠ ᠶᠣᠰᠣᠭᠠᠷ ᠢᠯᠠᠯᠲᠠ ᠣᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠪᠡ᠃ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠬᠠᠮᠤᠭ ᠤᠨ ᠬᠠᠲᠠᠭᠤ ᠪᠡᠷᠬᠡ ᠬᠠᠮᠤᠭ ᠤᠨ ᠨᠦᠰᠡᠷ ᠬᠦᠨᠳᠦ ᠡᠭᠦᠷᠭᠡ ᠨᠢ ᠬᠥᠳᠡᠭᠡ ᠲᠣᠰᠬᠤᠨ ᠢᠯᠠᠩᠭᠤᠶ᠎ᠠ ᠶᠠᠳᠠᠭᠤ ᠬᠦᠴᠢᠷᠳᠡᠯ ᠲᠠᠢ ᠭᠠᠵᠠᠷ ᠣᠷᠣᠨ ᠳᠤ ᠪᠠᠶᠢᠬᠤ ᠶᠤᠮ᠃ ᠨᠠᠷᠢᠯᠢᠭ ᠣᠨᠣᠴᠠᠲᠠᠢ ᠪᠠᠷ ᠶᠠᠳᠠᠭᠤ ᠶᠢ ᠲᠡᠳᠭᠦᠭᠦ ᠶᠢ ᠪᠠᠷᠢᠮᠲᠠᠯᠠᠵᠤ᠂ ︽ᠭᠤᠷᠪᠠᠨ ᠣᠷᠣᠨ ᠭᠤᠷᠪᠠᠨ ᠵᠧᠦ︾ ᠵᠡᠷᠭᠡ ᠣᠨᠴᠠ ᠶᠠᠳᠠᠭᠤ ᠬᠦᠴᠢᠷᠳᠡᠯ ᠲᠠᠢ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠪᠣᠳᠣᠯᠭ᠎ᠠ ᠶᠢ ᠬᠡᠯᠪᠡᠶᠢᠯᠭᠡᠬᠦ ᠳᠡᠮᠵᠢᠯᠭᠡ ᠪᠠᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠪᠡᠯᠡ ᠮᠥᠩᠭᠦ ᠶᠢᠨ ᠣᠷᠣᠭᠤᠯᠤᠯᠲᠠ ᠶᠢ ᠤᠷᠢᠳ ᠢᠶᠠᠷ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠳᠤ ᠬᠦᠴᠢᠷᠳᠡᠯ ᠶᠡᠬᠡᠲᠡᠢ ᠰᠢᠶᠠᠨ ᠪᠠ ᠲᠣᠰᠬᠤᠨ ᠢ ᠪᠣᠯ ᠫᠠᠶᠢᠰᠠ ᠡᠯᠭᠦᠨ ᠰᠢᠪᠠᠳᠠᠨ ᠬᠢᠯᠭᠡᠪᠡ᠃ ᠠᠵᠤ ᠦᠢᠯᠡᠰ᠂ ᠠᠵᠢᠯ ᠣᠯᠭᠤᠯᠲᠠ᠂ ᠠᠮᠢ ᠠᠬᠤᠢ᠂ ᠰᠤᠷᠭᠠᠨ ᠬᠥᠮᠦᠵᠢᠯ᠂ ᠡᠷᠡᠭᠦᠯ ᠮᠡᠨᠳᠦ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠪᠠᠷ ᠬᠠᠪᠰᠤᠷᠤᠨ ᠲᠡᠳᠭᠦᠭᠦ ᠶᠢ ᠭᠦᠨᠵᠡᠭᠡᠢ ᠬᠡᠷᠡᠭᠵᠢᠭᠦᠯᠵᠦ᠂ ᠣᠨᠳᠣᠣ ᠭᠠᠵᠠᠷ ᠨᠡᠭᠦᠯᠭᠡᠭᠰᠡᠨ ᠤ ᠳᠠᠷᠠᠭᠠᠬᠢ ᠲᠡᠳᠬᠦᠨ ᠲᠠᠮᠵᠢᠭᠦ ᠠᠵᠢᠯ ᠢ ᠴᠢᠩᠭᠠᠳᠬᠠᠵᠤ᠂ ︽ᠬᠤᠶᠠᠷ ᠤᠨ ᠲᠥᠯᠥᠭᠡ ᠵᠣᠪᠠᠭ᠋ᠤ ᠦᠭᠡᠢ᠂ ᠭᠤᠷᠪᠠ ᠶᠢ ᠪᠠᠲᠤᠯᠠᠭ᠎ᠠ ᠲᠠᠢ ᠪᠠᠶᠢᠯᠭᠠᠬᠤ︾ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠭᠰᠡᠨ ᠢᠶᠠᠷ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠢᠳᠡᠵᠦ ᠡᠮᠦᠰᠭᠦ ᠳᠡᠭᠡᠨ ᠵᠣᠪᠠᠭ᠋ᠤ ᠦᠭᠡᠢ ᠪᠣᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠨᠡᠯᠭᠡ᠂ ᠣᠷᠣᠨ ᠰᠠᠭᠤᠴᠠ ᠶᠢᠨ ᠠᠮᠤᠷ ᠲᠦᠪᠰᠢᠨ ᠤ ᠲᠠᠯ᠎ᠠ ᠪᠠᠷ ᠪᠠᠲᠤᠯᠠᠭ᠎ᠠ ᠲᠠᠢ ᠪᠣᠯᠤᠭᠰᠠᠨ ᠪᠥᠭᠡᠳ ᠢᠳᠡᠬᠦ ᠤᠰᠤᠨ ᠤ ᠠᠮᠤᠷ ᠲᠦᠪᠰᠢᠨ ᠨᠢ ᠴᠦ ᠪᠠᠲᠤᠯᠠᠭ᠎ᠠ ᠲᠠᠢ ᠪᠣᠯᠪᠠ᠃ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠢᠯᠡᠳᠲᠡ ᠨᠡᠮᠡᠭᠳᠡᠵᠦ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠨᠢ ᠢᠯᠡᠳᠲᠡ ᠰᠠᠶᠢᠵᠢᠷᠠᠪᠠ᠃      ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠯᠳᠤᠭᠤᠯᠬᠤ ᠶᠢ ᠠᠬᠢᠭᠤᠯᠪᠠ᠃ ᠰᠢᠯᠵᠢᠯᠲᠡ ᠶᠢᠨ ᠬᠤᠭᠤᠴᠠᠭᠠᠨ ᠳᠤ ᠭᠤᠣᠯ ᠪᠤᠯᠬᠤ ᠬᠠᠪᠰᠤᠷᠤᠨ ᠲᠡᠳᠭᠦᠭᠦ ᠲᠥᠷᠥ ᠶᠢᠨ ᠪᠣᠳᠣᠯᠭ᠎ᠠ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠵᠤ᠂ ︽ᠳᠥᠷᠪᠡ ᠶᠢ ᠦᠯᠦ ᠬᠤᠪᠢᠷᠠᠭᠤᠯᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠭᠢᠨ ᠶᠠᠳᠠᠭᠤᠷᠠᠬᠤ ᠠᠴᠠ ᠰᠡᠷᠭᠡᠶᠢᠯᠡᠬᠦ ᠬᠥᠳᠡᠯᠦᠩᠭᠦᠢ ᠬᠢᠨᠠᠨ ᠭᠡᠮᠵᠢᠭᠦ ᠪᠠ ᠬᠠᠪᠰᠤᠷᠤᠨ ᠲᠡᠳᠭᠦᠭᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠢᠵᠢᠭ᠂ ᠭᠠᠮᠰᠢᠭ ᠵᠡᠷᠭᠡ ᠠᠰᠢᠭ ᠦᠭᠡᠢ ᠨᠥᠯᠥᠭᠡ ᠶᠢ ᠬᠦᠴᠦᠲᠡᠢ ᠠᠷᠭᠠᠴᠠᠵᠤ᠂ ᠬᠡᠪᠴᠢᠶᠡᠲᠦ ᠴᠢᠨᠠᠷᠲᠠᠢ ᠲᠠᠭᠢᠨ ᠶᠠᠳᠠᠭᠤᠷᠠᠯ ᠦᠯᠦ ᠡᠭᠦᠰᠭᠦ ᠶᠢ ᠦᠨᠡᠨ ᠬᠦ ᠪᠠᠲᠤᠯᠠᠪᠠ᠃ 160 ᠰᠢᠶᠠᠨ ᠢ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠭᠦᠭᠦ ᠰᠢᠶᠠᠨ ᠢᠶᠠᠷ ᠲᠣᠭᠲᠠᠭᠠᠬᠤ ᠶᠢᠨ ᠬᠠᠮᠲᠤ ᠲᠥᠪᠯᠡᠷᠡᠭᠦᠯᠦᠨ ᠳᠠᠮᠵᠢᠵᠤ᠂ ᠣᠨᠳᠣᠣ ᠭᠠᠵᠠᠷ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠳᠡᠮᠵᠢᠭᠦ ᠡᠷᠴᠢᠮ ᠢᠶᠠᠨ ᠴᠢᠩᠭᠠᠷᠠᠭᠤᠯᠵᠤ᠂ ᠵᠡᠭᠦᠨ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠬᠠᠮᠵᠢᠯᠴᠠᠬᠤ᠂ ᠠᠵᠢᠯ ᠲᠦᠷᠦᠯ ᠤᠨ ᠰᠢᠰᠲ᠋ᠧᠮ ᠢᠶᠠᠷ ᠲᠤᠰᠠᠯᠠᠬᠤ᠂ ᠴᠡᠭ ᠲᠣᠭᠲᠠᠭᠠᠨ ᠬᠠᠪᠰᠤᠷᠤᠨ ᠲᠡᠳᠭᠦᠭᠦ ᠵᠡᠷᠭᠡ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠡᠮᠴᠢᠯᠡᠭᠡ᠂ ᠰᠤᠷᠭᠠᠨ ᠬᠥᠮᠦᠵᠢᠯ ᠤᠨ ︽ᠪᠦᠯᠭᠦᠮ ᠮᠠᠶ᠋ᠢᠭ︾ ᠤᠨ ᠬᠠᠪᠰᠤᠷᠤᠨ ᠲᠡᠳᠭᠦᠭᠦ ᠺᠠᠳ᠋ᠷ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠰᠣᠩᠭᠤᠨ ᠲᠣᠮᠢᠯᠠᠵᠤ ᠰᠠᠶᠢᠲᠤᠷ ᠬᠡᠷᠡᠭᠯᠡᠨ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠪᠠ ᠤᠯᠠᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠪᠠ᠃      ︵ᠭᠤᠷᠪᠠ︶ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠨᠡᠩ ᠶᠡᠭᠡ ᠪᠠᠷ ᠬᠥᠭᠵᠢᠭᠡᠪᠡ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠵᠠᠰᠠᠭ ᠤᠨ ᠣᠷᠳᠣᠨ ᠪᠣᠯᠣᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠵᠠᠬ᠎ᠠ ᠳᠡᠯᠭᠡᠭᠦᠷ ᠢ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠳᠤᠮᠳᠠ ᠰᠢᠢᠳᠪᠦᠷᠢᠯᠡᠭᠴᠢ ᠴᠢᠨᠠᠷᠲᠠᠢ ᠦᠢᠯᠡᠳᠦᠯ ᠭᠠᠷᠭᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠤᠨ᠂ ᠪᠦᠲᠦᠮᠵᠢᠲᠡᠶ ᠵᠠᠬ᠎ᠠ ᠳᠡᠯᠭᠡᠭᠦᠷ ᠪᠣᠯᠣᠨ ᠴᠢᠷᠮᠠᠶᠢᠯᠲᠠ ᠲᠠᠢ ᠵᠠᠰᠠᠭ ᠤᠨ ᠣᠷᠳᠣᠨ ᠢ ᠨᠡᠩ ᠰᠠᠶᠢᠨ ᠤᠶᠠᠯᠳᠤᠭᠤᠯᠬᠤ ᠶᠢ ᠠᠬᠢᠭᠤᠯᠪᠠ᠃      ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ ᠠᠬᠢᠭᠤᠯᠪᠠ᠃ ᠲᠦᠷᠦ  ᠶᠢᠨ ᠶᠠᠪᠤᠳᠠᠯ ᠤᠨ ᠬᠤᠷᠢᠶ᠎ᠠ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠯᠡᠨ ᠪᠠᠶᠢᠭᠤᠯᠵᠤ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢ ᠪᠠᠷ ᠵᠠᠰᠠᠭᠰᠠᠨ ᠤᠯᠠᠨ ᠤᠯᠤᠰᠴᠢᠯᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠪᠠ᠃ ᠶᠡᠭᠡ ᠶᠣᠰᠣᠨ ᠠᠨᠤ ᠶᠠᠪᠤᠭᠤᠯᠬᠤᠢ  ᠳᠤᠷ ᠲᠦᠭᠦᠮ᠂ ᠵᠠᠰᠠᠭ ᠴᠣᠮᠬᠠᠨ ᠪᠦᠭᠡᠰᠦ ᠭᠦᠢᠴᠡᠳᠬᠡᠬᠦᠢ ᠳᠤᠷ ᠭᠢᠯᠪᠠᠷ᠃ ᠵᠠᠰᠠᠭ ᠤᠨ ᠣᠷᠳᠣᠨ ᠤ ᠳᠤᠰ ᠪᠡᠶ᠎ᠡ ᠶᠢᠨ ᠠᠰᠢᠭ ᠲᠤᠰᠠ ᠶᠢ ᠭᠦᠨᠳᠡᠭᠦ ᠥᠭᠡᠷᠡᠴᠢᠯᠡᠯᠲᠡ ᠶᠢ ᠰᠢᠨᠲᠠᠷᠠᠰᠢ ᠦᠭᠡᠢ ᠠᠬᠢᠭᠤᠯᠪᠠ᠃ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠲᠠᠯᠪᠢᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠦᠨ᠂ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠳᠦᠷᠢᠮ ᠢ ᠪᠠᠶᠢᠭᠤᠯᠬᠤ ᠡᠬᠢᠨ ᠤ ᠦᠶ᠎ᠡ ᠶᠢᠨ ᠬᠢ ᠲᠠᠢ ᠠᠳᠠᠯᠢᠳᠬᠠᠪᠠᠯ 64% ᠪᠠᠷ ᠴᠥᠭᠡᠳᠬᠡᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠴᠥᠮ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠪᠠ᠃ ᠤᠯᠠᠨ ᠵᠢᠯ ᠤᠨ ᠲᠤᠷᠰᠢ 1000 ᠭᠠᠷᠤᠢ ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠦᠴᠦᠨ ᠦᠭᠡᠢ ᠪᠤᠯᠭᠠᠬᠰᠠᠨ ᠪᠠ ᠳᠣᠷᠣᠭᠰᠢ ᠪᠠᠭᠤᠯᠭᠠᠵᠤ᠂ ᠲᠥᠪ ᠵᠠᠰᠠᠭ ᠤᠨ ᠣᠷᠳᠣᠨ ᠤ ᠳᠡᠰ ᠳᠠᠪᠬᠤᠷᠭ᠎ᠠ ᠠᠴᠠ ᠬᠢᠨᠠᠨ ᠵᠥᠪᠰᠢᠶᠡᠷᠡᠬᠦ ᠪᠡᠯᠡ ᠤᠷᠤᠭᠤᠯᠤᠯᠳᠠ ᠶᠢᠨ ᠲᠥᠰᠥᠯ ᠢ 90% ᠠᠴᠠ ᠳᠡᠭᠡᠭᠰᠢ ᠴᠥᠭᠡᠳᠬᠡᠨ᠂ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ 60 ᠲᠥᠷᠥᠯ ᠪᠠᠶᠢᠭᠰᠠᠨ ᠠᠴᠠ ᠨᠢ ᠴᠥᠭᠡᠳᠬᠡᠭᠡᠳ 10 ᠲᠥᠷᠥᠯ ᠪᠤᠯᠭᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠤᠨ ᠪᠦᠭᠦ ᠶᠠᠪᠤᠴᠠ ᠶᠢᠨ ᠬᠢᠨᠠᠨ ᠵᠥᠪᠰᠢᠶᠡᠷᠡᠬᠦ ᠴᠠᠭ  ᠢ 120 ᠠᠵᠢᠯ ᠤᠨ ᠡᠳᠦᠷ ᠠᠴᠠ ᠬᠡᠲᠦᠷᠡᠭᠦᠯᠬᠦ ᠦᠭᠡᠢ ᠪᠣᠯᠭᠠᠨ ᠪᠣᠭᠤᠨᠢᠰᠬᠠᠪᠠ᠃ ᠬᠤᠳᠠᠯᠳᠤᠭᠠᠨ ᠤ ᠶᠠᠪᠤᠳᠠᠯ ᠤᠨ ᠳᠦᠷᠢᠮ ᠢ ᠥᠭᠡᠷᠡᠴᠢᠯᠡᠵᠦ᠂ ︽ᠦᠨᠡᠮᠯᠡᠯ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠬᠡᠷᠡᠭᠵᠢᠭᠦᠯᠵᠦ᠂ ᠠᠵᠤ ᠠᠬᠤᠶᠢᠯᠠᠯ ᠨᠡᠭᠡᠭᠡᠨ ᠡᠷᠭᠢᠯᠡᠭᠦ ᠭᠠᠷ ᠭᠦᠢᠴᠡᠳᠬᠡᠯ ᠤᠨ ᠴᠠᠭ ᠢ ᠨᠢᠭᠡ ᠰᠠᠷ᠎ᠠ ᠭᠠᠷᠤᠢ ᠪᠠᠶᠢᠭᠰᠠᠨ ᠠᠴᠠ ᠤᠳᠤ ᠶᠢᠨ ᠳᠤᠮᠳᠠᠴᠢ ᠪᠠᠷ 4 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠣᠭᠤᠨᠢᠰᠬᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ  ᠤᠨ ᠳᠠᠩᠰᠠᠨ ᠠᠴᠠ ᠬᠠᠰᠤᠭᠤᠯᠬᠤ ᠳᠦᠭᠦᠮ ᠳᠦᠷᠢᠮ ᠢ ᠬᠡᠷᠡᠭᠵᠢᠭᠦᠯᠪᠡ᠃ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠬᠡᠷᠡᠭ ᠤᠨ ᠳᠤᠮᠳᠠᠬᠢ ᠬᠢᠨᠠᠯᠲᠠ ᠪᠠ ᠬᠡᠷᠡᠭ ᠤᠨ ᠳᠠᠷᠠᠭᠠᠬᠢ ᠬᠢᠨᠠᠯᠲᠠ ᠶᠢ ᠴᠢᠩᠭᠠᠳᠬᠠᠵᠤ ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠳᠤᠲᠠᠭᠳᠠᠬᠤ᠂ ᠡᠷᠬᠡ  ᠶᠢ ᠪᠠᠭᠤᠯᠭᠠᠬᠤ ᠶᠢ ᠴᠢᠬᠤᠯᠠᠴᠢᠯᠠᠨ ᠬᠠᠮᠢᠶᠠᠷᠤᠯᠲᠠ ᠶᠢ ᠬᠥᠩᠭᠡᠪᠴᠢᠯᠡᠬᠦ ᠶᠢ ᠰᠡᠷᠭᠡᠶᠢᠯᠡᠨ ᠬᠤᠷᠢᠭᠯᠠᠵᠤ᠂ ᠢᠳᠡᠭᠡᠨ ᠤ ᠵᠦᠢᠯ ᠡᠮ ᠤᠨ ᠵᠦᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠶᠠᠰᠤ ᠴᠢᠨᠠᠷ ᠪᠣᠯᠣᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠬᠤᠶᠠᠷ ᠢ ᠲᠣᠬᠢᠶᠠᠯᠳᠤᠯ ᠢᠶᠠᠷ ᠰᠣᠩᠭᠤᠬᠤ᠂ ᠨᠢᠭᠡ ᠶᠢ ᠢᠯᠡ ᠪᠤᠯᠭᠠᠬᠤ︾ ᠵᠡᠷᠭᠡ ᠠᠷᠭ᠎ᠠ ᠮᠠᠶ᠋ᠢᠭ ᠢ ᠬᠡᠷᠡᠭᠵᠢᠭᠦᠯᠦᠨ ᠲᠥᠪ ᠭᠤᠤᠯᠴᠢ ᠬᠢᠨᠠᠨ ᠬᠠᠮᠢᠶᠠᠷᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢ ᠵᠢᠷᠤᠮᠵᠢᠭᠤᠨ ᠬᠡᠷᠡᠭᠵᠢᠭᠦᠯᠪᠡ᠃ ᠮᠣᠨᠣᠫᠤᠯᠢᠴᠢᠯᠠᠯ ᠢ ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠠᠵᠢᠯ ᠢ ᠴᠢᠩᠭᠠᠳᠬᠠᠵᠤ᠂ ᠭᠤᠤᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠣᠨᠣᠫᠤᠯᠢᠴᠢᠯᠠᠯ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢᠨ ᠪᠠᠶᠢᠭᠤᠯᠤᠯ ᠢ ᠥᠭᠡᠷᠡᠴᠢᠯᠡᠪᠡ᠃ ᠬᠥᠷᠥᠩᠭᠡ ᠶᠢᠨ ᠡᠷᠡᠭᠦᠯ ᠢᠶᠠᠷ ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠬᠤ ᠪᠠ ᠬᠥᠲᠥᠯᠥᠨ ᠵᠢᠯᠤᠭᠤᠳᠴᠤ᠂ ᠬᠥᠷᠥᠩᠭᠡ ᠶᠢᠨ ᠡᠮᠬᠢ ᠵᠢᠷᠤᠮ ᠦᠭᠡᠢ ᠥᠷᠭᠡᠵᠢᠬᠦ ᠶᠢ ᠬᠠᠤᠯᠢ ᠶᠣᠰᠣᠭᠠᠷ ᠡᠷᠡᠰ ᠬᠠᠮᠢᠶᠠᠷᠤᠨ ᠡᠵᠡᠮᠳᠡᠪᠡ᠃ ᠦᠢᠯᠡᠴᠢᠯᠡᠭᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠤᠷᠠᠭᠤᠯᠤᠨ ᠭᠦᠢᠴᠡᠳᠬᠡᠬᠦ ᠶᠢ ᠠᠬᠢᠭᠤᠯᠵᠤ᠂ ᠡᠯ᠎ᠡ ᠲᠥᠷᠥᠯ ᠤᠨ ᠭᠡᠷᠡᠴᠢᠯᠡᠬᠦ ᠵᠦᠢᠯᠡᠰ ᠢ ᠪᠠᠭᠠᠰᠬᠠᠨ᠂ ᠳ᠋ᠢᠵᠢᠲ᠋ᠠᠯ ᠵᠠᠰᠠᠭ  ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ 90% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡ  ᠶᠢ ᠰᠦᠯᠵᠢᠶᠡᠨ ᠳᠡᠭᠡᠷ᠎ᠡ ᠭᠦᠢᠴᠡᠳᠬᠡᠵᠦ ᠪᠤᠯᠬᠤ ᠪᠤᠯᠭᠠᠵᠦ᠂ ᠡᠷᠦᠭᠡ ᠠᠮᠠ ᠶᠢᠨ ᠭᠡᠷᠡᠴᠢᠯᠡᠯ᠂ ᠨᠡᠶᠢᠭᠡᠮ ᠤᠨ ᠳᠠᠭᠠᠳᠬᠠᠯ ᠢ ᠰᠢᠯᠵᠢᠭᠦᠯᠦᠨ ᠵᠠᠯᠭᠠᠭᠤᠯᠬᠤ ᠵᠡᠷᠭᠡ 200 ᠭᠠᠷᠤᠢ ᠵᠦᠢᠯ ᠤᠨ ᠣᠯᠠᠨ ᠲᠦᠮᠡᠨ ᠤ ᠦᠷᠭᠦᠯᠵᠢ ᠭᠦᠢᠴᠡᠳᠬᠡᠳᠡᠭ ᠵᠦᠢᠯᠡᠰ ᠢ ᠮᠤᠵᠢ ᠠᠯᠤᠰᠯᠠᠨ ᠭᠦᠢᠴᠡᠳᠬᠡᠬᠦ ᠪᠣᠯᠭᠠᠪᠠ᠃ ᠲᠦᠷᠭᠡᠨ ᠳᠠᠪᠬᠢᠬᠤ ᠵᠠᠰᠠᠮᠠᠯ ᠵᠠᠮ ᠤᠨ ᠮᠤᠵᠢ ᠶᠢᠨ ᠵᠠᠭᠠᠭ ᠲᠠᠬᠢ ᠪᠤᠶ ᠪᠦᠬᠦᠢ ᠰᠦᠢᠳᠬᠡᠯ ᠬᠤᠷᠢᠶᠠᠬᠤ ᠥᠷᠲᠡᠭᠡ ᠶᠢ ᠬᠠᠰᠤᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠳᠠᠩᠰᠠᠯᠠᠨ ᠬᠠᠮᠢᠶᠠᠷᠬᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ ᠠᠬᠢᠭᠤᠯᠬᠤ᠂ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠢ ᠦᠭᠭᠦ ᠶᠢ ᠪᠠᠲᠤᠯᠠᠬᠤ ᠵᠡᠷᠭᠡ ᠳᠦᠷᠢᠮ ᠢ ᠲᠣᠭᠲᠠᠭᠠᠨ ᠬᠡᠷᠡᠭᠵᠢᠭᠦᠯᠪᠡ᠃ ᠥᠭᠡᠷᠡᠴᠢᠯᠡᠯᠲᠡ ᠨᠢ ᠬᠥᠮᠥᠰ ᠤᠨ ᠠᠷᠠᠯᠵᠢᠶ᠎ᠠ ᠬᠤᠳᠠᠯᠳᠤᠭ᠎ᠠ ᠬᠢᠵᠦ ᠠᠵᠤ ᠠᠬᠤᠶᠢᠯᠠᠯ ᠡᠷᠭᠢᠯᠡᠭᠦ ᠳᠤ ᠨᠠᠩ ᠤᠯᠠᠨ ᠳᠥᠭᠦᠮ ᠨᠥᠬᠦᠴᠡᠯ ᠪᠠ ᠣᠷᠣᠨ ᠵᠠᠢ ᠬᠠᠩᠭᠠᠵᠤ᠂ ᠨᠢᠳᠤᠨᠤᠨ ᠤ ᠵᠢᠯ ᠤᠨ ᠡᠴᠦᠰ ᠲᠤ ᠠᠵᠤ ᠠᠬᠤᠶᠢᠯᠠᠯ ᠤᠨ ᠲᠤᠭ᠎ᠠ 5200 ᠲᠦᠮᠡ ᠶᠢ ᠳᠠᠪᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ 1.1 ᠳ᠋ᠦᠩᠰᠢᠭᠤᠷ ᠢ ᠳᠠᠪᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠶᠡᠷᠦᠩᠬᠡᠢ ᠲᠤᠭ᠎ᠠ 1.6 ᠳ᠋ᠦᠡᠭᠰᠢᠭᠤᠷ ᠢ ᠳᠠᠪᠠᠵᠤ᠂ ᠠᠷᠪᠠᠨ ᠵᠢᠯ ᠤᠨ ᠡᠮᠦᠨᠡᠬᠢ ᠠᠴᠠ 3 ᠳᠠᠭᠢᠨ ᠪᠣᠯᠣᠭᠠᠳ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠨᠢ ᠢᠯᠡᠳᠲᠡ ᠴᠢᠩᠭᠠᠷᠠᠪᠠ᠃      ᠤᠯᠠᠨ ᠲᠦᠷᠦᠯ ᠤᠨ ᠥᠮᠴᠢᠯᠡᠯ ᠤᠨ ᠠᠵᠤ ᠠᠬᠤᠢ ᠶᠢᠨ ᠬᠠᠮᠲᠤ ᠪᠠᠷ ᠭᠦᠭᠵᠢᠭᠦ ᠶᠢ ᠠᠬᠢᠭᠤᠯᠪᠠ᠃ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢ ᠪᠠᠷᠢᠮᠲᠠᠯᠠᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠦᠷᠢᠨᠰᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ ᠰᠢᠯᠢᠳᠡᠭᠵᠢᠭᠦᠯᠦᠨ ᠲᠠᠭᠢᠨ ᠵᠣᠬᠢᠶᠠᠨ ᠪᠠᠶᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠪᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ ᠭᠦᠭᠵᠢᠭᠦ ᠶᠢ ᠠᠬᠢᠭᠤᠯᠵᠤ᠂ ᠡᠯ᠎ᠡ ᠵᠦᠢᠯ ᠤᠨ ᠳᠠᠯᠳᠠ ᠪᠠᠬᠢᠯᠡᠯᠲᠡ ᠶᠢ ᠡᠪᠳᠡᠵᠦ᠂ ᠨᠢᠭᠡ ᠯᠡ ᠠᠳᠠᠯᠢ ᠪᠠᠷ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠠᠷᠠᠳ ᠤᠨ ᠪᠡᠯᠡ ᠣᠷᠣᠭᠤᠯᠤᠯᠲᠠ ᠶᠢᠨ ᠢᠲᠡᠭᠡᠯ ᠵᠣᠷᠢᠭ ᠢ ᠬᠥᠪᠴᠢᠯᠡᠪᠡ᠃ ᠥᠮᠴᠢᠯᠡᠯ ᠤᠨ ᠡᠷᠬᠡ ᠶᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠪᠠ᠃      ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠪᠠ᠃ ᠲᠥᠰᠥᠪ  ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠥᠪ ᠢ ᠢᠯᠡ ᠪᠤᠯᠭᠠᠬᠤ ᠡᠷᠴᠢᠮ  ᠢ ᠴᠢᠩᠭᠠᠷᠠᠭᠤᠯᠵᠤ᠂ ᠲᠥᠪ ᠪᠣᠯᠣᠨ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠶᠡᠷᠦᠩᠬᠡᠶᠢᠯᠡᠬᠦ ᠪᠠ ᠲᠦᠷᠦᠯ ᠬᠤᠪᠢᠶᠠᠬᠤ ᠶᠢ ᠤᠶᠠᠯᠳᠤᠭᠤᠯᠤᠭᠰᠠᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠳᠦᠷᠢᠮ ᠢ ᠪᠠᠶᠢᠭᠤᠯᠤᠨ᠂ ᠭᠠᠶᠢᠯᠢ ᠲᠠᠲᠠᠪᠤᠷᠢ ᠲᠠᠲᠠᠪᠤᠷᠢᠯᠠᠨ ᠬᠠᠮᠢᠶᠠᠷᠬᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ ᠳᠤᠮᠳᠠ ᠵᠢᠵᠢᠭ ᠪᠠᠩᠬᠢ  ᠶᠢᠨ ᠬᠥᠷᠥᠩᠭᠡ ᠪᠠᠨ ᠨᠥᠬᠦᠪᠦᠷᠢᠯᠡᠬᠦ ᠪᠠ ᠥᠭᠡᠷᠡᠴᠢᠯᠡᠯᠲᠡ ᠬᠢᠵᠦ ᠲᠦᠭᠰᠢᠭᠦᠷᠢ ᠶᠢ ᠠᠷᠢᠯᠭᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠲ᠋ᠣᠺ ᠲᠠᠷᠬᠠᠭᠠᠬᠤ ᠳᠠᠩᠰᠠᠯᠠᠭᠤᠯᠬᠤ ᠳᠦᠷᠢᠮᠲᠦ ᠥᠭᠡᠷᠡᠴᠢᠯᠡᠯᠲᠡ ᠶᠢ ᠠᠬᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠰᠠᠭᠤᠷᠢ ᠳᠦᠷᠢᠮ ᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠢ ᠲᠣᠭᠲᠠᠭᠤᠨ ᠪᠠᠶᠢᠯᠭᠠᠬᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠪᠠ᠃      ︵ᠳᠥᠷᠪᠡ︶ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠭᠦ ᠶᠢ ᠠᠬᠢᠭᠤᠯᠪᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠪᠠ ᠣᠷᠣᠨ ᠨᠤᠲᠤᠭ ᠤᠨ ᠰᠢᠨ᠎ᠡ ᠶᠢ ᠡᠭᠦᠳᠭᠦ ᠰᠢᠰᠲ᠋ᠧᠮ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠰᠢᠨ᠎ᠡ ᠶᠢ ᠡᠭᠦᠳᠭᠦ ᠳᠤ ᠴᠢᠩᠭ᠎ᠠ ᠲᠦᠰᠢᠭᠯᠡᠨ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠲᠠᠰᠤᠷᠠᠯᠲᠠ ᠦᠭᠡᠢ ᠪᠣᠶᠢᠵᠢᠭᠤᠯᠤᠨ ᠪᠤᠵᠠᠭᠠᠶᠢᠷᠠᠭᠤᠯᠵᠤ᠂ ᠭᠠᠳᠠᠨ᠎ᠠ ᠠᠴᠠ ᠢᠷᠡᠬᠦ ᠳᠠᠷᠤᠯᠲᠠ ᠬᠤᠷᠢᠭᠯᠠᠯᠲᠠ ᠶᠢ ᠪᠦᠲᠦᠮᠵᠢᠲᠡᠶ ᠠᠷᠭᠠᠴᠠᠪᠠ᠃      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠷᠠᠭᠤᠯᠪᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠴᠢᠩᠭᠠᠷᠠᠭᠤᠯᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠴᠢᠬᠤᠯᠠ ᠶᠡᠭᠡ ᠲᠥᠰᠥᠯ ᠢ ᠬᠡᠷᠡᠭᠵᠢᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠪᠠ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠨ᠎ᠡ ᠭᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠬᠥᠭᠵᠢᠯᠲᠡ ᠶᠢ ᠲᠡᠮᠵᠢᠪᠡ᠃ ᠤᠯᠠᠨ ᠤᠯᠤᠰ ᠤᠨ ᠪᠠ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠤᠨ ᠪᠠᠶᠢᠭᠤᠯᠤᠯᠲᠠ  ᠶᠢ ᠠᠬᠢᠭᠤᠯᠵᠤ᠂ ᠶᠡᠷᠦᠩᠬᠡᠶᠢᠯᠡᠭᠰᠡᠨ ᠴᠢᠨᠠᠷᠲᠠᠢ ᠤᠯᠤᠰ ᠤᠨ ᠰᠢᠨᠵᠢᠯᠡᠬᠦ ᠤᠬᠠᠭᠠᠨ ᠤ ᠲᠥᠪ ᠢ ᠪᠠᠶᠢᠷᠢᠯᠠᠭᠤᠯᠵᠤ ᠪᠦᠲᠦᠭᠡᠨ ᠪᠠᠶᠢᠭᠤᠯᠪᠠ᠃ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ ᠰᠤᠳᠤᠯᠭᠠᠨ ᠢ ᠳᠡᠮᠵᠢᠵᠦ᠂ ᠪᠦᠭᠦ ᠤᠯᠤᠰ ᠤᠨ ᠰᠠᠭᠤᠷᠢ ᠰᠤᠳᠤᠯᠭᠠᠨ ᠤ ᠵᠠᠷᠤᠳᠠᠯ ᠢ ᠲᠠᠪᠤᠨ ᠵᠢᠯ ᠳᠤ 1 ᠲᠠᠭᠢᠨ ᠨᠡᠮᠡᠭᠳᠡᠭᠦᠯᠪᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠥᠰᠥᠯ ᠪᠠ ᠵᠠᠷᠤᠳᠠᠯ ᠤᠨ ᠬᠠᠮᠢᠶᠠᠷᠤᠯᠲᠠ ᠶᠢᠨ ᠳᠦᠷᠢᠮ ᠢ ᠥᠭᠡᠷᠡᠴᠢᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠨᠡᠩ ᠶᠡᠭᠡ ᠡᠵᠡᠨ ᠮᠡᠳᠡᠭᠦ ᠡᠷᠬᠡ ᠣᠯᠭᠤᠵᠤ᠂ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠢ ᠲᠦᠪᠡᠭ ᠪᠤᠳᠤᠯᠢᠶᠠᠨᠲᠠᠢ ᠵᠠᠰᠠᠭ ᠵᠠᠬᠢᠷᠭᠠᠨ ᠤ ᠠᠵᠢᠯ ᠶᠠᠪᠤᠳᠠᠯ ᠠᠴᠠ ᠴᠢᠯᠦᠭᠡᠯᠡᠬᠦ ᠪᠠᠷ ᠴᠢᠷᠮᠠᠶᠢᠪᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠰᠢᠨ᠎ᠡ ᠶᠢ ᠡᠭᠦᠳᠭᠦ ᠬᠥᠳᠡᠯᠭᠡᠭᠴᠢ ᠬᠦᠴᠦᠨ ᠢ ᠬᠥᠭᠵᠢᠭᠡᠪᠡ᠃ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠪᠠ᠃ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠪᠠᠷ ᠠᠵᠤ ᠠᠬᠤᠶᠢᠯᠠᠯ ᠤᠨ ᠰᠢᠨ᠎ᠡ ᠶᠢ ᠡᠭᠦᠳᠭᠦ ᠶᠢ ᠤᠷᠮᠠᠰᠢᠭᠤᠯᠤᠨ ᠵᠣᠷᠢᠭᠵᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠨ ᠪᠤᠳᠣᠵᠤ ᠰᠠᠭᠤᠯᠭᠠᠨ ᠬᠠᠰᠤᠬᠤ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠳᠭᠦ ᠦᠢᠯᠡᠰ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠭᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠢ ᠶᠢ ᠲᠤᠰ ᠲᠤᠰ 50%᠂ 75% ᠪᠠᠶᠢᠭᠰᠠᠨ ᠠᠴᠠ ᠨᠢ 100% ᠪᠤᠯᠲᠠᠯ᠎ᠠ ᠳᠡᠭᠡᠭᠰᠢᠯᠡᠭᠦᠯᠦᠭᠰᠡᠨ ᠪᠥᠭᠡᠳ ᠲᠣᠬᠢᠷᠠᠭᠤᠯᠤᠨ ᠬᠡᠷᠡᠭᠯᠡᠵᠦ ᠪᠤᠯᠬᠤ ᠪᠤᠢ ᠪᠦᠬᠦᠢ ᠠᠵᠢᠯ ᠲᠦᠷᠦᠯ ᠳᠤ ᠭᠦᠷᠳᠡᠯ᠎ᠠ ᠱᠠᠲᠤ ᠦᠶᠡᠴᠢ ᠴᠢᠨᠠᠷᠲᠠᠢ ᠪᠠᠷ ᠥᠷᠭᠡᠳᠬᠡᠵᠦ᠂ ᠠᠵᠤ ᠠᠬᠤᠶᠢᠯᠠᠯ ᠤᠨ ᠰᠠᠭᠤᠷᠢ ᠰᠤᠳᠤᠯᠭᠠᠨ ᠳᠤ ᠤᠷᠤᠭᠤᠯᠤᠯᠳᠠ ᠬᠢᠬᠦ᠂ ᠲᠥᠬᠦᠭᠡᠷᠦᠮᠵᠢ ᠬᠤᠳᠠᠯᠳᠤᠨ ᠠᠪᠬᠤ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠰᠢᠨ᠎ᠡ ᠶᠢ ᠡᠭᠦᠳᠭᠦ ᠶᠢ ᠳᠡᠮᠵᠢᠭᠦ ᠡᠯ᠎ᠡ ᠲᠥᠷᠥᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠣᠨ ᠤ ᠬᠡᠪᠴᠢᠶ᠎ᠡ ᠨᠢᠭᠡᠨᠲᠡ ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ᠃ ᠰᠢᠨ᠎ᠡ ᠶᠢ ᠡᠭᠦᠳᠭᠦ ᠶᠢ ᠳᠡᠮᠵᠢᠭᠦ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠡᠭᠦᠳᠦᠨ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠵᠡᠷᠭᠡ ᠶᠢᠨ ᠬᠥᠭᠵᠢᠯᠲᠡ ᠶᠢ ᠬᠥᠲᠥᠯᠥᠨ ᠵᠢᠯᠣᠭᠤᠳᠪᠠ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠪᠠᠨ ᠪᠠᠲᠤᠯᠠᠵᠤ᠂ ᠰᠢᠨ᠎ᠡ ᠶᠢ ᠡᠭᠦᠳᠭᠦ ᠠᠵᠤ ᠠᠬᠤᠶᠢᠯᠠᠯ ᠦᠯᠡᠮᠵᠢ ᠤᠯᠠᠨ ᠴᠣᠯᠭᠤᠷᠠᠨ ᠭᠠᠷᠪᠠ᠃      ᠠᠵᠤ ᠦᠢᠯᠡᠰ ᠤᠨ ᠳᠤᠮᠳᠠ ᠳᠡᠭᠡᠳᠦ ᠲᠡᠰ ᠲᠤ ᠳᠠᠪᠰᠢᠭᠦ ᠶᠢ ᠠᠬᠢᠭᠤᠯᠪᠠ᠃ ᠦᠢᠯᠡᠳᠭᠦ ᠦᠢᠯᠡᠰ ᠢ ᠪᠣᠳᠠᠲᠤ ᠴᠣᠭᠴᠠ ᠶᠢᠨ ᠠᠵᠤ ᠠᠬᠤᠢ ᠶᠢ ᠬᠥᠭᠵᠢᠭᠦᠯᠬᠦ ᠶᠢᠨ ᠭᠤᠣᠯᠳᠠᠯᠭ᠎ᠠ ᠪᠤᠯᠭᠠᠵᠤ᠂ ᠠᠵᠤ ᠦᠢᠯᠡᠳᠪᠦᠷᠢ ᠶᠢᠨ ᠠᠵᠤ ᠠᠬᠤᠢ  ᠶᠢᠨ ᠲᠣᠭᠲᠠᠭᠤᠨ ᠠᠵᠢᠯᠯᠠᠭᠠᠨ ᠢ ᠠᠬᠢᠭᠤᠯᠵᠤ᠂ ᠦᠢᠯᠡᠳᠭᠦ ᠦᠢᠯᠡᠰ ᠤᠨ ᠬᠤᠪᠢ ᠶᠢᠨ ᠵᠢᠩ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠪᠠ᠃ ᠣᠷᠴᠢᠨ ᠠᠬᠤᠢ ᠶᠢᠨ ᠬᠠᠮᠠᠭᠠᠯᠠᠯᠲᠠ᠂ ᠶᠠᠰᠤ ᠴᠢᠨᠠᠷ᠂ ᠠᠮᠤᠷ ᠲᠦᠪᠰᠢᠨ ᠵᠡᠷᠭᠡ ᠲᠠᠯ᠎ᠠ ᠪᠠᠷ  ᠬᠢ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ  ᠶᠢ ᠰᠢᠭᠰᠢᠭᠳᠡᠭᠦᠯᠪᠡ᠃ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠵᠤ ᠬᠡᠯᠬᠢᠶ᠎ᠡ ᠶᠢ ᠨᠥᠬᠦᠪᠦᠷᠢᠯᠡᠬᠦ ᠠᠵᠢᠯᠯᠠᠭ᠎ᠠ ᠥᠷᠨᠢᠭᠦᠯᠪᠡ᠃ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠨᠢᠭᠡ ᠪᠦᠯᠦᠭ ᠢᠨᠵᠧᠨᠧᠷᠢᠩ ᠢ ᠡᠬᠢᠯᠡᠭᠦᠯᠪᠡ᠃ ᠠᠵᠤ ᠠᠬᠤᠶᠢᠯᠠᠯ ᠤᠨ ᠲᠥᠬᠦᠭᠡᠷᠦᠮᠵᠢ ᠪᠠᠨ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠪᠠᠨ ᠲᠦᠷᠭᠡᠳᠬᠡᠬᠦ ᠶᠢ ᠵᠣᠷᠢᠭᠵᠢᠭᠤᠯᠵᠤ᠂ ᠲᠣᠭᠲᠠᠮᠠᠯ ᠡᠳ᠋ ᠬᠥᠷᠥᠩᠭᠡ ᠶᠢᠨ ᠡᠯᠡᠭᠳᠡᠯ ᠢ ᠪᠤᠳᠤᠬᠤ ᠬᠤᠭᠤᠴᠠᠭ᠎ᠠ ᠶᠢ ᠪᠣᠭᠤᠨᠢᠰᠬᠠᠬᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠪᠦᠭᠦ ᠦᠢᠯᠡᠳᠭᠦ ᠦᠢᠯᠡᠰ ᠲᠤ ᠭᠦᠷᠳᠡᠯ᠎ᠡ ᠥᠷᠭᠡᠳᠬᠡᠪᠡ᠃ ᠳᠡᠭᠡᠳᠦ ᠲᠡᠰ ᠤᠨ ᠲᠣᠨᠣᠭᠯᠠᠯ᠂ ᠠᠮᠢᠳᠤ ᠪᠣᠳᠠᠰ ᠤᠨ ᠡᠮ ᠡᠮᠨᠡᠯᠭᠡ᠂ ᠭᠡᠷᠡᠯ ᠡᠯᠧᠺᠲᠷᠣᠨ ᠤ ᠮᠡᠳᠡᠭᠡ ᠵᠠᠩᠭᠢ᠂ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡ᠂ ᠭᠡᠷᠡᠯ ᠴᠠᠭᠢᠯᠭᠠᠨ᠂ ᠰᠠᠯᠬᠢᠨ ᠴᠠᠭᠢᠯᠭᠠᠨ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠦᠷᠭᠡᠯᠡᠨ ᠭᠦᠭᠵᠢᠭᠦ ᠶᠢ ᠠᠬᠢᠭᠤᠯᠪᠠ᠃ ᠳ᠋ᠢᠵᠢᠲ᠋ᠠᠯ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠪᠠ᠃ ᠰᠦᠯᠵᠢᠶᠡᠨ ᠤ ᠬᠤᠷᠳᠤᠴᠠ ᠶᠢ ᠳᠡᠭᠡᠭᠰᠢᠯᠡᠭᠦᠯᠦᠨ ᠰᠦᠢᠳᠬᠡᠯ ᠢ ᠪᠠᠭᠤᠷᠠᠭᠤᠯᠬᠤ ᠶᠢ ᠦᠷᠭᠦᠯᠵᠢᠯᠡᠨ ᠠᠬᠢᠭᠤᠯᠵᠤ᠂ ︽ᠢᠨᠲ᠋ᠧᠷ ᠰᠦᠯᠵᠢᠶ᠎ᠡ +︾ ᠶᠢ ᠬᠥᠭᠵᠢᠭᠦᠯᠪᠡ᠃ ᠰᠢᠯᠵᠢᠮᠡᠯ ᠢᠨᠲ᠋ᠧᠷ ᠰᠦᠯᠵᠢᠶ᠎ᠡ ᠬᠡᠷᠡᠭᠯᠡᠬᠦ ᠡᠷᠥᠭᠡ ᠶᠢᠨ ᠲᠤᠭ᠎ᠠ 14.5 ᠳ᠋ᠦᠩᠰᠢᠭᠤᠷ ᠪᠤᠯᠳᠠᠯ᠎ᠠ ᠨᠡᠮᠡᠭᠳᠡᠪᠡ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠥᠭᠵᠢᠯᠲᠡ ᠶᠢ ᠳᠠᠮᠵᠢᠵᠤ᠂ ᠥᠢᠯᠡᠳᠭᠦ ᠦᠢᠯᠡᠰ ᠤᠨ ᠳ᠋ᠢᠵᠢᠲ᠋ᠠᠯᠴᠢᠯᠠᠯᠳᠠ ᠣᠶᠤᠨᠴᠢᠯᠠᠯᠲᠠ ᠶᠢ ᠬᠦᠴᠦᠲᠡᠢ ᠠᠬᠢᠭᠤᠯᠪᠠ᠃ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠶᠢᠯᠠᠯ 7 ᠲᠦᠮᠡ ᠭᠠᠷᠤᠢ ᠪᠣᠯᠪᠠ᠃ ᠲᠠᠪᠴᠠᠩ ᠤᠨ ᠠᠵᠤ ᠠᠬᠤᠢ ᠶᠢᠨ ᠡᠷᠡᠭᠦᠯ ᠢᠶᠠᠷ ᠦᠷᠭᠦᠯᠵᠢᠯᠡᠨ ᠭᠦᠭᠵᠢᠭᠦ  ᠶᠢ ᠠᠬᠢᠭᠤᠯᠵᠤ᠂ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ ᠳᠠᠶᠢᠴᠢᠯᠠᠬᠤ᠂ ᠬᠡᠷᠡᠭᠯᠡᠭᠡᠨ ᠤ ᠵᠠᠬ᠎ᠠ ᠳᠡᠯᠭᠡᠭᠦᠷ ᠢ ᠥᠷᠭᠡᠳᠬᠡᠬᠦ᠂ ᠦᠢᠯᠡᠳᠪᠦᠷᠢᠯᠡᠯ ᠤᠨ ᠵᠠᠭᠪᠤᠷ ᠤᠨ ᠰᠢᠨ᠎ᠡ ᠶᠢ ᠡᠭᠦᠳᠭᠦ ᠵᠡᠷᠭᠡ ᠦᠢᠯᠡᠳᠦᠯ ᠢ ᠨᠢ ᠪᠠᠳᠠᠷᠠᠭᠤᠯᠪᠠ᠃ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡ᠂ ᠪᠠᠶᠢᠴᠠᠭᠠᠨ ᠰᠢᠯᠭᠠᠬᠤ ᠪᠠᠶᠢᠴᠠᠭᠠᠨ ᠭᠡᠮᠵᠢᠭᠦ ᠭᠡᠷᠡᠴᠢᠯᠡᠭᠡ ᠬᠢᠬᠦ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠬᠥᠭᠵᠢᠭᠦᠯᠪᠡ ᠃ ᠶᠠᠰᠤ ᠴᠢᠨᠠᠷ ᠤᠨ ᠪᠦᠭᠦ ᠲᠠᠯ᠎ᠠ ᠶᠢᠨ ᠬᠠᠮᠢᠶᠠᠷᠤᠯᠲᠠ ᠪᠠ ᠶᠠᠰᠤ ᠴᠢᠨᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠳᠤᠮᠳᠠᠳᠤ ᠤᠯᠤᠰ ᠤᠨ ᠦᠢᠯᠡᠳᠭᠦ ᠦᠢᠯᠡᠰ ᠤᠨ ᠶᠠᠰᠤ ᠴᠢᠨᠠᠷ ᠪᠣᠯᠣᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ︵ᠲᠠᠪᠤ︶ ᠤᠯᠤᠰ ᠤᠨ ᠳᠣᠲᠣᠭᠠᠳᠤ ᠶᠢᠨ ᠪᠦᠲᠦᠮᠵᠢᠲᠡᠶ ᠬᠡᠷᠡᠭᠴᠡᠭᠡ ᠶᠢ ᠥᠷᠭᠡᠳᠬᠡᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠠ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢ ᠠᠬᠢᠭᠤᠯᠪᠠ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠲᠠᠢ ᠤᠶᠠᠯᠳᠤᠭᠤᠯᠤᠨ᠂ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠰᠠᠭᠤᠷᠢᠯᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠬᠦᠴᠦᠨ ᠤ ᠡᠬᠢ ᠰᠤᠷᠪᠤᠯᠵᠢ ᠶᠢ ᠨᠡᠩ ᠤᠯᠠᠨ ᠪᠣᠶᠢᠵᠢᠭᠤᠯᠪᠠ᠃      ᠬᠡᠷᠡᠭᠯᠡᠭᠡ ᠪᠠ ᠪᠦᠲᠦᠮᠵᠢᠲᠡᠶ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠪᠡ᠃ ᠬᠢᠵᠢᠭ ᠡᠭᠦᠰᠭᠦ ᠠᠴᠠ ᠡᠮᠦᠨ᠎ᠡ᠂ ᠬᠡᠷᠡᠭᠯᠡᠭᠡ ᠨᠢ ᠨᠢᠭᠡᠨᠲᠡ ᠮᠠᠨ ᠤ ᠤᠯᠤᠰ ᠤᠨ ᠠᠵᠤ ᠠᠬᠤᠢ ᠶᠢᠨ ᠨᠡᠮᠡᠭᠳᠡᠯ ᠤᠨ ᠭᠤᠣᠯ ᠳᠠᠶᠢᠴᠢᠯᠠᠬᠤ ᠬᠦᠴᠦᠨ ᠪᠣᠯᠵᠠᠢ᠃ ᠬᠡᠷᠡᠭᠴᠡᠭᠡ ᠬᠦᠷᠦᠯᠴᠡᠬᠦ ᠦᠭᠡᠢ ᠴᠢᠨᠠᠭᠰᠢᠯᠠᠪᠠᠯ ᠪᠠᠭᠠᠰᠤᠭᠰᠠᠨ ᠪᠠᠶᠢᠳᠠᠯ ᠳᠤ ᠬᠠᠨᠳᠤᠭᠤᠯᠤᠨ᠂ ᠪᠢᠳᠡ ᠬᠡᠷᠡᠭᠯᠡᠭᠡ  ᠶᠢ ᠠᠯᠢ ᠲᠦᠷᠭᠡᠨ ᠢᠶᠠᠷ ᠰᠡᠷᠭᠦᠭᠡᠬᠦ ᠶᠢ ᠠᠬᠢᠭᠤᠯᠪᠠ᠃ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠤᠯᠠᠨ ᠠᠷᠭ᠎ᠠ ᠵᠠᠮ ᠢᠶᠠᠷ ᠠᠬᠢᠭᠤᠯᠵᠤ᠂ ᠳᠤᠮᠳᠠ ᠳᠣᠣᠷ᠎ᠠ ᠣᠷᠣᠯᠭ᠎ᠠ ᠲᠠᠢ ᠬᠠᠮᠲᠤᠯᠢᠭ ᠤᠨ ᠣᠷᠣᠯᠭ᠎ᠠ ᠶᠢ ᠳᠡᠭᠡᠭᠰᠢᠯᠡᠭᠦᠯᠪᠡ᠃ ᠮᠠᠰᠢᠨ ᠲᠡᠷᠭᠡ᠂ ᠭᠡᠷ ᠤᠨ ᠴᠠᠭᠢᠯᠭᠠᠨ ᠬᠡᠷᠡᠭᠰᠡᠯ ᠵᠡᠷᠭᠡ ᠪᠥᠭᠡᠮ ᠬᠡᠷᠡᠭᠯᠡᠭᠡ ᠶᠢ ᠳᠠᠮᠵᠢᠵᠤ᠂ ᠮᠠᠰᠢᠨ ᠲᠡᠷᠭᠡᠨ ᠤ ᠬᠠᠳᠠᠭᠠᠯᠠᠯᠲᠠ ᠶᠢᠨ ᠬᠡᠮᠵᠢᠶ᠎ᠡ 3 ᠳ᠋ᠦᠩᠰᠢᠭᠤᠷ ᠢ ᠳᠠᠪᠠᠵᠤ᠂ 46.7% ᠪᠠᠷ ᠨᠡᠮᠡᠭᠳᠡᠪᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠭᠦ ᠲᠤᠭ᠎ᠠ ᠳᠤ ᠡᠵᠡᠯᠡᠭᠦ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠶᠢᠨ ᠬᠤᠪᠢ ᠶᠢᠨ ᠵᠢᠩ 15.8% ᠪᠠᠶᠢᠭᠰᠠᠨ ᠠᠴᠠ ᠪᠠᠨ 27.2% ᠪᠤᠯᠳᠡᠯ᠎ᠠ ᠳᠡᠭᠡᠭᠰᠢᠯᠡᠪᠡ᠃ ᠬᠤᠲᠠ ᠶᠢᠨ ᠨᠡᠶᠢᠭᠡᠮ ᠲᠣᠭᠤᠷᠢᠭ ᠤᠨ ᠠᠷᠠᠳ ᠲᠤ ᠳᠥᠭᠦᠮ ᠦᠵᠡᠭᠦᠯᠭᠦ ᠬᠤᠳᠠᠯᠳᠤᠭ᠎ᠠ ᠶᠢ ᠬᠥᠭᠵᠢᠭᠦᠯᠵᠦ᠂ ᠬᠥᠳᠡᠭᠡ ᠲᠣᠰᠬᠤᠨ ᠤ ᠲᠦᠷᠭᠡᠨ ᠬᠦᠷᠭᠡᠯᠲᠡ ᠶᠢᠨ ᠡᠳ᠋ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠭᠦᠷᠭᠡᠭᠦ ᠰᠢᠰᠲ᠋ᠧᠮ ᠢ ᠲᠡᠭᠦᠯᠳᠡᠷᠵᠢᠭᠦᠯᠪᠡ᠃ ᠵᠢᠭᠤᠯᠴᠢᠯᠠᠯ ᠤᠨ ᠦᠢᠯᠡᠰ ᠢ ᠬᠠᠪᠰᠤᠷᠤᠨ ᠲᠡᠳᠬᠦᠵᠦ ᠬᠥᠭᠵᠢᠭᠦᠯᠪᠡ᠃ ᠳᠤᠲᠠᠭᠤᠳᠠᠯ ᠢ ᠨᠥᠬᠦᠪᠦᠷᠢᠯᠡᠬᠦ᠂ ᠪᠦᠲᠦᠴᠡ ᠶᠢ ᠲᠣᠬᠢᠷᠠᠭᠤᠯᠬᠤ᠂ ᠰᠡᠯᠭᠦᠭᠦ ᠬᠦᠴᠦᠨ ᠢ ᠨᠡᠮᠡᠭᠳᠡᠭᠦᠯᠬᠦ ᠲᠠᠢ ᠤᠶᠠᠯᠳᠤᠭᠤᠯᠤᠨ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠪᠡ᠃ ᠪᠡᠯᠡ ᠤᠷᠤᠭᠤᠯᠤᠯᠳᠠ ᠪᠡᠯᠡ ᠲᠣᠬᠢᠷᠠᠭᠤᠯᠭ᠎ᠠ ᠶᠢᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠬᠥᠲᠥᠯᠥᠨ ᠵᠢᠯᠣᠭᠤᠳᠤᠭᠰᠠᠨ ᠪᠠ ᠬᠥᠰᠢᠨ ᠬᠥᠳᠡᠯᠭᠡᠭᠰᠡᠨ ᠨᠡᠶᠢᠭᠡᠮ  ᠤᠨ ᠪᠡᠯᠡ ᠤᠷᠤᠭᠤᠯᠤᠯᠳᠠ ᠳᠠᠭᠢᠨ ᠢᠶᠠᠷ ᠨᠡᠮᠡᠭᠳᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠡᠨᠧᠷᠭᠢ ᠶᠢᠨ ᠰᠤᠷᠪᠤᠯᠵᠢ᠂ ᠮᠡᠳᠡᠭᠡ ᠵᠠᠩᠭᠢ ᠵᠡᠷᠭᠡ ᠰᠠᠭᠤᠷᠢ ᠲᠥᠬᠦᠭᠡᠷᠦᠮᠵᠢ ᠪᠣᠯᠣᠨ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠵᠥ᠂ ᠨᠡᠶᠢᠭᠡᠮ ᠤᠨ ᠬᠥᠷᠥᠩᠭᠡ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠣᠷᠤᠯᠴᠠᠬᠤ ᠶᠢ ᠵᠣᠷᠢᠭᠵᠢᠭᠤᠯᠤᠨ᠂ ᠠᠷᠠᠳ ᠤᠨ ᠪᠡᠯᠡ ᠣᠷᠣᠭᠤᠯᠤᠯᠲᠠ ᠶᠢᠨ ᠢᠳᠡᠪᠬᠢᠵᠢᠯ  ᠢ ᠳᠠᠶᠢᠴᠢᠯᠠᠪᠡ᠃      ᠣᠷᠣᠨ ᠪᠦᠰᠡ ᠶᠢᠨ ᠬᠥᠭᠵᠢᠯᠲᠡ ᠶᠢᠨ ᠲᠡᠩᠴᠡᠭᠦᠷᠢᠲᠦ ᠴᠢᠨᠠᠷ ᠪᠠ ᠵᠣᠬᠢᠴᠠᠯᠳᠤ ᠴᠢᠨᠠᠷ ᠢ ᠴᠢᠩᠭᠠᠳᠬᠠᠪᠠ᠃ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ ᠤᠨ ᠭᠠᠵᠠᠷ ᠣᠷᠣᠨ ᠢ ᠮᠠᠨᠳᠤᠭᠤᠯᠤᠨ ᠬᠥᠭᠵᠢᠭᠦᠯᠬᠦ᠂ ᠵᠡᠭᠦᠨ ᠬᠡᠰᠡᠭ ᠤᠨ ᠭᠠᠵᠠᠷ ᠣᠷᠣᠨ ᠢ ᠤᠷᠢᠳ ᠢᠶᠠᠷ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠳᠤᠮᠳᠠ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠵᠡᠭᠦᠨ ᠬᠡᠰᠡᠭ ᠤᠨ ᠭᠠᠵᠠᠷ ᠣᠷᠣᠨ ᠠᠴᠠ ᠶᠡᠷᠦᠩᠬᠡᠢ ᠳᠡᠭᠡᠨ ᠥᠨᠳᠥᠷ ᠪᠣᠯᠪᠠ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ ᠂ ᠬᠢᠯᠢ ᠬᠢᠵᠠᠭᠠᠷ ᠣᠷᠣᠨ ᠢ ᠳᠡᠮᠵᠢᠭᠦ ᠡᠷᠴᠢᠮ ᠢᠶᠠᠨ ᠴᠢᠩᠭᠠᠷᠠᠭᠤᠯᠵᠤ᠂ ᠲᠥᠪ ᠤᠨ ᠡᠳ᠋ ᠤᠨ ᠵᠠᠰᠠᠭ ᠠᠴᠠ ᠬᠤᠯᠪᠣᠭᠳᠠᠯ ᠪᠦᠬᠦᠢ ᠭᠠᠵᠠᠷ ᠣᠷᠣᠨ ᠳᠤ ᠰᠢᠯᠵᠢᠭᠦᠯᠦᠨ ᠥᠭᠬᠦ ᠪᠡᠯᠡ ᠮᠥᠩᠭᠦ ᠶᠢ ᠲᠠᠪᠤᠨ ᠵᠢᠯ ᠤᠨ ᠡᠮᠦᠨᠡᠬᠢ ᠠᠴᠠ 66.8% ᠪᠠᠷ ᠨᠡᠮᠡᠭᠳᠡᠭᠦᠯᠪᠡ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠪᠠ᠃ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠪᠠ᠃ ᠳᠠᠯᠠᠢ ᠲᠠᠩᠭᠢᠰ ᠤᠨ ᠠᠵᠤ ᠠᠬᠤᠢ ᠶᠢ ᠬᠥᠭᠵᠢᠭᠦᠯᠪᠡ᠃ ᠠᠵᠤ ᠠᠬᠤᠢ ᠨᠢ ᠬᠦᠴᠢᠷᠳᠡᠯ ᠲᠠᠢ ᠭᠠᠵᠠᠷ ᠣᠷᠣᠨ ᠤ ᠬᠥᠭᠵᠢᠯᠲᠡ ᠶᠢ ᠳᠠᠮᠵᠢᠵᠤ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠭᠦᠭᠵᠢᠭᠦ  ᠶᠢ ᠠᠬᠢᠭᠤᠯᠵᠤ᠂ ᠨᠥᠬᠦᠴᠡᠯ ᠲᠠᠢ ᠭᠠᠵᠠᠷ ᠣᠷᠣᠨ ᠤ ᠳᠠᠶᠢᠴᠢᠯᠠᠬᠤ ᠦᠢᠯᠡᠳᠦᠯ ᠢᠶᠠᠨ ᠨᠠᠩ ᠶᠡᠭᠡ ᠪᠠᠳᠠᠷᠠᠭᠤᠯᠬᠤ ᠶᠢ ᠵᠣᠷᠢᠭᠵᠢᠭᠤᠯᠵᠤ᠂ ᠨᠠᠩ ᠣᠯᠠᠨ ᠰᠢᠨ᠎ᠡ ᠨᠡᠮᠡᠭᠳᠡᠯ ᠤᠨ ᠲᠤᠶᠢᠯ ᠨᠡᠮᠡᠭᠳᠡᠯ ᠤᠨ ᠪᠦᠰᠡ ᠶᠢ ᠪᠤᠶ ᠪᠤᠯᠭᠠᠬᠤ ᠶᠢ ᠠᠬᠢᠭᠤᠯᠪᠠ᠃      ᠬᠥᠮᠥᠨ ᠢᠶᠠᠷ ᠭᠤᠣᠯ ᠪᠤᠯᠭᠠᠬᠰᠠᠨ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢ ᠦᠷᠭᠦᠯᠵᠢᠯᠡᠨ ᠠᠬᠢᠭᠤᠯᠪᠠ᠃ ᠮᠠᠨ ᠤ ᠤᠯᠤᠰ ᠮᠥᠨ ᠬᠦ ᠬᠤᠲᠠ ᠪᠠᠯᠭᠠᠰᠤᠵᠢᠯᠲᠠ ᠶᠢᠨ ᠶᠠᠪᠤᠴᠠ ᠳᠤ ᠣᠷᠣᠰᠢᠵᠤ᠂ ᠵᠢᠯ ᠪᠦᠷᠢ ᠬᠥᠳᠡᠭᠡ ᠲᠣᠰᠬᠤᠨ ᠤ ᠮᠢᠩᠭ᠎ᠠ ᠭᠠᠷᠤᠢ ᠲᠦᠮᠡᠨ ᠬᠥᠮᠥᠨ ᠠᠮᠠ ᠬᠤᠲᠠ ᠪᠠᠯᠭᠠᠰᠤ ᠳᠤ ᠰᠢᠯᠵᠢᠵᠦ ᠪᠠᠶᠢᠨ᠎ᠠ᠃ ᠬᠤᠲᠠ ᠢᠯᠠᠩᠭᠤᠶ᠎ᠠ ᠰᠢᠶᠠᠨ ᠤ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠨᠢ ᠨᠡᠮᠡᠭᠳᠡᠭᠦᠯᠪᠡ᠃ ᠬᠤᠲᠠ ᠪᠠᠯᠭᠠᠰᠤᠨ ᠳᠤ ᠡᠷᠦᠭᠡ ᠠᠮᠠ ᠣᠷᠣᠭᠤᠯᠬᠤ ᠬᠢᠵᠠᠭᠠᠷᠯᠠᠯ ᠢ ᠲᠥᠷᠥᠯ ᠬᠤᠪᠢᠶᠠᠨ ᠠᠭᠤᠵᠢᠭᠤ ᠲᠠᠯᠪᠢᠭᠰᠠᠨ ᠪᠤᠶᠤ ᠬᠦᠴᠦᠨ ᠦᠭᠡᠢ ᠪᠤᠯᠭᠠᠵᠤ᠂ ᠠᠷᠪᠠᠨ ᠵᠢᠯ ᠳᠤ ᠬᠥᠳᠡᠭᠡ ᠳᠤᠰᠬᠤᠨ ᠤ 1.4 ᠳ᠋ᠦᠡᠭᠰᠢᠭᠤᠷ ᠬᠥᠮᠥᠨ ᠠᠮᠠ ᠬᠤᠳᠠ ᠪᠠᠯᠭᠠᠰᠤᠨ ᠳᠤ ᠡᠷᠦᠭᠡ ᠠᠮᠠ ᠪᠠᠨ ᠣᠷᠣᠭᠤᠯᠪᠠ᠃ ᠬᠤᠳᠠ ᠶᠢᠨ ᠪᠥᠭᠡᠭᠡᠨᠡᠷᠡᠯ ᠪᠠ ᠶᠡᠭᠡ ᠬᠤᠳᠠ ᠶᠢᠨ ᠴᠠᠭᠠᠷᠢᠭ ᠢ ᠡᠮᠬᠢ ᠵᠢᠷᠤᠮ ᠲᠠᠢ ᠪᠠᠷ ᠬᠥᠭᠵᠢᠭᠦᠯᠵᠦ᠂ ᠲᠣᠮᠣ ᠳᠤᠮᠳᠠ ᠵᠢᠵᠢᠭ ᠬᠤᠳᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠪᠠ᠃ ᠴᠧᠩᠳᠦ ᠴᠦᠩᠴᠢᠩ ᠣᠷᠣᠨ ᠤ ᠬᠤᠣᠰ ᠬᠤᠲᠠ ᠶᠢᠨ ᠠᠵᠤ ᠠᠬᠤᠢ ᠶᠢᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠭᠡᠷ ᠪᠠᠶᠢᠰᠢᠩ ᠢ ᠰᠠᠭᠤᠬᠤ ᠶᠢᠨ ᠲᠥᠯᠥᠭᠡ ᠪᠠᠷᠢᠭᠰᠠᠨ ᠠᠴᠠ ᠪᠢᠰᠢ ᠰᠠᠷᠢᠯᠭᠠᠬᠤ ᠶᠢᠨ ᠲᠥᠯᠥᠭᠡ ᠪᠠᠷᠢᠭᠰᠠᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠨ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠬᠡᠷᠡᠭᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠥᠷᠭᠡᠳᠬᠡᠵᠦ᠂ ᠤᠷᠲᠤ ᠬᠤᠭᠤᠴᠠᠭᠠᠨ ᠤ ᠲᠦᠷᠢᠶᠡᠰᠦᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠠᠵᠠᠷ ᠰᠢᠷᠣᠢ ᠶᠢᠨ ᠦᠨ᠎ᠡ᠂ ᠭᠡᠷ ᠪᠠᠶᠢᠰᠢᠩ ᠤᠨ ᠦᠨ᠎ᠡ ᠪᠠ ᠵᠢᠱᠢᠯᠲᠡ ᠶᠢ ᠲᠣᠭᠲᠠᠭᠤᠨ ᠪᠠᠶᠢᠯᠭᠠᠵᠤ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠠᠪᠴᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠬᠥᠭᠵᠢᠯᠲᠡ ᠶᠢ ᠠᠬᠢᠭᠤᠯᠪᠠ᠃ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠡᠮᠦᠷ ᠵᠠᠮᠲᠤ ᠵᠠᠮ ᠬᠠᠷᠢᠯᠴᠠᠭᠠᠨ ᠤ ᠡᠵᠡᠩᠨᠡᠯᠲᠡ  ᠶᠢᠨ ᠵᠠᠮ ᠤᠨ ᠤᠷᠳᠤ 4500 ᠭᠠᠷᠤᠢ ᠺᠢᠯᠣᠮᠧᠲᠷ ᠪᠠᠶᠢᠭᠰᠠᠨ ᠠᠴᠠ ᠪᠠᠨ ᠨᠡᠮᠡᠭᠳᠡᠭᠡᠳ ᠲᠦᠮᠡ ᠰᠢᠬᠠᠮ ᠺᠢᠯᠣᠮᠧᠲᠷ ᠲᠤ ᠬᠦᠷᠴᠦ᠂ ᠤᠰᠤ ᠵᠠᠯᠠᠬᠤ ᠬᠤᠭᠤᠯᠠᠢ 63 ᠲᠦᠮᠡᠨ ᠺᠢᠯᠣᠮᠧᠲᠷ ᠪᠠᠶᠢᠭᠰᠠᠨ ᠠᠴᠠ ᠪᠠᠨ ᠨᠡᠮᠡᠭᠳᠡᠭᠡᠳ 89 ᠲᠦᠮᠡᠨ ᠺᠢᠯᠣᠮᠧᠲᠷ ᠪᠣᠯᠪᠠ᠃ ᠬᠤᠲᠠ ᠪᠠᠯᠭᠠᠰᠤᠨ ᠤ 16.7 ᠲᠦᠮᠡᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ 2900 ᠭᠠᠷᠤᠢ ᠲᠦᠮᠡᠨ ᠭᠡᠷ ᠪᠦᠯᠢ ᠳᠤ ᠠᠰᠢᠭ ᠬᠦᠷᠲᠡᠭᠡᠪᠡ᠃      ︵ᠵᠢᠷᠭᠤᠭ᠎ᠠ︶ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠪᠡ᠃ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ  ᠢ ᠦᠷᠭᠦᠯᠵᠢᠯᠡᠨ ᠴᠢᠩᠭ᠎ᠠ ᠠᠳᠬᠤᠨ ᠰᠠᠶᠢᠲᠤᠷ ᠠᠳᠬᠤᠵᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠯᠡᠨ ᠠᠬᠢᠭᠤᠯᠪᠠ᠃      ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠭᠤᠨ ᠪᠠᠶᠢᠯᠭᠠᠬᠤ ᠪᠠ ᠥᠷᠭᠡᠳᠬᠡᠵᠦ᠂ ᠰᠢᠷ᠎ᠠ ᠪᠤᠷᠴᠠᠭ ᠪᠠ ᠲᠣᠰᠣᠯᠢᠭ ᠲᠠᠷᠢᠮᠠᠯ ᠲᠠᠷᠢᠬᠤ ᠶᠢ ᠥᠷᠭᠡᠳᠬᠡᠵᠦ᠂ ᠦᠢᠯᠡᠳᠪᠦᠷᠢᠯᠡᠯ ᠤᠨ ᠪᠦᠲᠦᠴᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠲᠠᠯᠠᠪᠠᠢ ᠨᠢᠭᠡᠴᠢ ᠶᠢᠨ ᠤᠨᠠᠯᠲᠠ ᠪᠠ ᠶᠠᠰᠤ ᠴᠢᠨᠠᠷ ᠢ ᠳᠡᠭᠡᠭᠰᠢᠯᠡᠭᠦᠯᠪᠡ᠃ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠭᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠥᠭᠬᠦ ᠨᠥᠬᠦᠪᠦᠷᠢ ᠶᠢ ᠲᠣᠭᠲᠠᠪᠤᠷᠢᠵᠢᠭᠤᠯᠵᠤ᠂ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠨᠠᠭᠠᠲᠤ ᠵᠠᠬ᠎ᠠ ᠶᠢᠨ ᠦᠨ᠎ᠡ ᠶᠢ ᠵᠦᠢ ᠵᠣᠬᠢᠰᠲᠠᠢ ᠲᠣᠭᠲᠠᠭᠠᠵᠤ᠂ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠢ ᠱᠠᠩᠨᠠᠨ ᠭᠦᠭᠢᠭᠦᠯᠭᠦ ᠡᠷᠴᠢᠮ ᠢᠶᠠᠨ ᠴᠢᠩᠭᠠᠷᠠᠭᠤᠯᠵᠤ᠂ ᠲᠦᠷᠦ ᠶᠢᠨ ᠪᠣᠳᠣᠯᠭ᠎ᠠ  ᠶᠢᠨ ᠴᠢᠨᠠᠷᠲᠠᠢ ᠲᠠᠷᠢᠶᠠᠯᠠᠩ ᠤᠨ ᠳᠠᠭᠠᠳᠬᠠᠯ ᠤᠨ ᠳᠦᠷᠢᠮ ᠢ ᠪᠦᠷᠢᠨᠰᠢᠭᠦᠯᠪᠡ᠃ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠬᠠᠷ᠎ᠠ ᠬᠥᠷᠥᠰᠥᠲᠦ ᠭᠠᠵᠠᠷ ᠰᠢᠷᠣᠢ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ 4.56 ᠳ᠋ᠦᠩᠰᠢᠭᠤᠷ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠪᠠ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠤ ᠦᠢᠯᠡᠰ ᠤᠨ ᠪᠦᠰᠡ  ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠦᠷ᠎ᠡ ᠶᠢᠨ ᠦᠢᠯᠡᠰ᠂ ᠲᠠᠷᠢᠶᠠᠯᠠᠩ ᠤᠨ ᠮᠠᠰᠢᠨ ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠲᠠᠷᠢᠮᠠᠯ ᠤᠨ ᠬᠠᠭᠠᠯᠪᠤᠷᠢᠯᠠᠬᠤ ᠲᠠᠷᠢᠬᠤ ᠬᠤᠷᠢᠶᠠᠬᠤ ᠠᠵᠢᠯ ᠤᠨ ᠶᠡᠷᠦᠩᠬᠡᠶᠢᠯᠡᠭᠰᠡᠨ ᠮᠧᠬᠠᠨᠢᠭᠵᠢᠯᠲᠠ ᠶᠢᠨ ᠨᠤᠷᠮ᠎ᠠ 67% ᠪᠠᠶᠢᠭᠰᠠᠨ  ᠠᠴᠠ ᠪᠠᠨ ᠳᠡᠭᠡᠭᠰᠢᠯᠡᠭᠡᠳ 73% ᠪᠣᠯᠪᠠ᠃ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠪᠠ᠂ ᠢᠮᠠᠭᠲᠠ ᠴᠥᠬᠦᠷᠡᠰᠢ ᠦᠭᠡᠢ ᠪᠠᠷ 14 ᠳ᠋ᠥᠡᠭᠰᠢᠭᠤᠷ ᠭᠠᠷᠤᠢ ᠳᠤᠮᠳᠠᠳᠤ ᠤᠯᠤᠰ ᠤᠨ ᠬᠥᠮᠥᠨ ᠤ ᠬᠤᠭᠤᠯᠠ ᠬᠦᠨᠡᠰᠦ ᠪᠠᠨ ᠥᠪᠡᠷ  ᠤᠨ ᠬᠦᠴᠦᠨ ᠳᠡᠭᠡᠨ ᠪᠠᠲᠤ ᠲᠦᠰᠢᠭᠯᠡᠨ ᠰᠢᠢᠳᠪᠦᠷᠢᠯᠡᠬᠦ ᠶᠢ ᠪᠠᠲᠤᠯᠠᠪᠠ᠃      ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠳᠠᠭᠠᠭᠠᠴᠢᠯᠠᠯᠲᠠ ᠶᠢᠨ ᠭᠠᠵᠠᠷ ᠤᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠪᠠ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠱᠠᠲᠤ ᠥᠶᠡᠴᠢ ᠴᠢᠨᠠᠷᠲᠠᠢ ᠡᠭᠦᠷᠭᠡ ᠶᠢ ᠪᠡᠶᠡᠯᠡᠭᠦᠯᠵᠦ᠂ ᠣᠯᠠᠨ ᠵᠦᠢᠯ ᠤᠨ ᠭᠡᠯᠪᠡᠷᠢ ᠶᠢᠨ ᠲᠣᠬᠢᠷᠠᠮᠵᠢᠲᠠᠢ ᠬᠡᠪᠴᠢᠶᠡᠲᠦ ᠡᠵᠡᠩᠨᠡᠯᠲᠡ ᠶᠢ ᠯᠠᠪᠳᠠᠭᠤᠨ ᠢᠶᠠᠷ ᠠᠬᠢᠭᠤᠯᠵᠤ᠂ ᠭᠡᠷ ᠪᠦᠯᠢ  ᠶᠢᠨ ᠲᠠᠷᠢᠶᠠᠯᠠᠩ ᠤᠨ ᠲᠠᠯᠠᠪᠠᠢ ᠪᠠ ᠲᠠᠷᠢᠶᠠᠴᠢᠳ ᠤᠨ ᠬᠤᠷᠰᠢᠶ᠎ᠠ ᠶᠢᠨ ᠬᠥᠭᠵᠢᠯᠲᠡ ᠶᠢ ᠰᠠᠶᠢᠲᠤᠷ ᠠᠳᠬᠤᠵᠤ᠂ ᠲᠠᠷᠢᠶᠠᠯᠠᠩ  ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠷᠭᠡᠯᠡᠨ ᠬᠥᠭᠵᠢᠭᠦᠯᠪᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ  ᠶᠢᠨ ᠠᠵᠢᠯᠯᠠᠭ᠎ᠠ ᠶᠢ ᠡᠬᠢᠯᠡᠭᠦᠯᠵᠦ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠦᠷᠭᠦᠯᠵᠢᠯᠡᠨ ᠴᠡᠭᠴᠡᠯᠡᠨ ᠵᠠᠰᠠᠵᠤ᠂ ᠤᠰᠤ ᠴᠠᠭᠢᠯᠭᠠᠨ ᠵᠠᠮ ᠬᠡᠢ ᠮᠡᠳᠡᠭᠡ ᠵᠠᠩᠭᠢ ᠰᠢᠤᠳᠠᠨ ᠬᠤᠯᠪᠤᠭ᠎ᠠ ᠵᠡᠷᠭᠡ ᠰᠠᠭᠤᠷᠢ ᠲᠥᠬᠦᠭᠡᠷᠦᠮᠵᠢ  ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠭᠦ ᠰᠢᠶᠠᠩ ᠪᠠᠯᠭᠠᠰᠤ ᠪᠣᠯᠣᠨ ᠪᠠᠶᠢᠭᠤᠯᠤᠯᠲᠤ ᠲᠣᠰᠬᠤᠨ ᠳᠤ ᠬᠠᠲᠠᠭᠤᠷᠠᠭᠤᠯᠤᠭᠰᠠᠨ ᠵᠠᠮ᠂ ᠠᠶᠠᠨᠴᠢᠳ ᠤᠨ ᠮᠠᠰᠢᠨ ᠲᠡᠷᠭᠡ ᠨᠡᠪᠲᠡᠷᠡᠭᠦᠯᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ ᠨᠤᠷᠮ᠎ᠠ 80% ᠪᠠᠶᠢᠭᠰᠠᠨ ᠠᠴᠠ ᠪᠠᠨ ᠳᠡᠭᠡᠭᠰᠢᠯᠡᠭᠡᠳ 87% ᠪᠣᠯᠵᠤ᠂ ᠤᠯᠠᠨ ᠵᠢᠯ ᠳᠤ ᠬᠥᠳᠡᠭᠡ ᠲᠣᠰᠬᠤᠨ ᠤ ᠨᠡᠶᠢᠳᠠ 2400 ᠭᠠᠷᠤᠢ ᠲᠦᠮᠡᠨ ᠡᠷᠦᠭᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ᠃ ᠬᠠᠩᠭᠠᠨ ᠪᠣᠷᠣᠯᠠᠭᠤᠯᠬᠤ ᠬᠤᠷᠰᠢᠶ᠎ᠠ᠂ ᠬᠠᠮᠲᠤ ᠶᠢᠨ ᠣᠢ ᠰᠢᠭᠤᠢ ᠶᠢᠨ ᠡᠷᠬᠡ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠣᠨᠴᠠᠯᠢᠭᠲᠤ ᠡᠬᠢ ᠪᠠᠶᠠᠯᠢᠭ ᠲᠤ ᠰᠠᠭᠤᠷᠢᠯᠠᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠪᠠ᠃ ᠬᠥᠯᠥᠰᠦᠨ ᠠᠵᠢᠯᠴᠢᠨ ᠤ ᠣᠯᠬᠤ ᠶᠣᠰᠣᠲᠠᠢ ᠬᠥᠯᠥᠰᠦ ᠣᠯᠭᠤᠮᠵᠢ ᠪᠠᠨ ᠴᠠᠭ ᠲᠤᠬᠠᠢ ᠳᠤᠨᠢ ᠣᠯᠬᠤ ᠶᠢ ᠪᠠᠲᠤᠯᠠᠬᠤ ᠶᠢᠨ ᠲᠥᠯᠥᠭᠡ᠂ ᠬᠥᠯᠥᠰᠦᠨ ᠠᠵᠢᠯᠴᠢᠨ  ᠤ ᠴᠠᠯᠢᠩ ᠢ ᠥᠷᠢᠲᠦᠵᠦ ᠬᠤᠶᠢᠰᠢᠯᠠᠭᠤᠯᠬᠤ ᠶᠢ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ ᠢ ᠨᠡᠶᠢᠲᠡᠯᠡᠨ ᠬᠡᠷᠡᠭᠵᠢᠭᠦᠯᠵᠦ᠂ ᠮᠠᠭᠤ ᠰᠠᠨᠠᠭ᠎ᠠ ᠲᠠᠢ ᠪᠠᠷ ᠥᠷᠢᠲᠦᠵᠦ ᠬᠤᠶᠢᠰᠢᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃      ︵ᠲᠤᠯᠤᠭ᠎ᠠ︶ ᠭᠠᠳᠠᠭᠰᠢ ᠨᠡᠭᠡᠭᠡᠯᠲᠡ ᠬᠢᠬᠦ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠲᠤᠰᠠ ᠭᠦᠷᠳᠡᠭᠦ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠶᠢᠨ ᠡᠮᠦᠨ᠎ᠡ᠂ ᠪᠢᠳᠡ ᠨᠡᠩ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠥᠨᠳᠥᠷ ᠲᠦᠪᠰᠢᠨ ᠤ ᠨᠡᠭᠡᠭᠡᠯᠲᠡ ᠪᠠᠷ ᠥᠭᠡᠷᠡᠴᠢᠯᠡᠯᠲᠡ ᠬᠥᠭᠵᠢᠯᠲᠡ ᠶᠢ ᠨᠡᠩ ᠬᠦᠴᠦᠲᠡᠢ ᠠᠬᠢᠭᠤᠯᠪᠠ᠃      ᠭᠠᠳᠠᠭᠠᠳᠤ ᠤᠷᠤᠭᠤᠯᠤᠯᠳᠠ ᠪᠠ ᠭᠠᠳᠠᠭᠠᠳᠤ ᠭᠠᠷᠭᠠᠯᠲᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠴᠢᠨᠠᠷ ᠢ ᠨᠢ ᠳᠡᠭᠡᠭᠰᠢᠯᠡᠭᠦᠯᠭᠦ ᠶᠢ ᠠᠬᠢᠭᠤᠯᠪᠠ᠃ ᠭᠠᠳᠠᠭᠠᠳᠤ ᠭᠠᠷᠭᠠᠯᠲᠠ ᠶᠢᠨ ᠭᠠᠶᠢᠯᠢ ᠶᠢᠨ ᠪᠤᠴᠠᠭᠠᠯᠲᠠ᠂ ᠢᠲᠡᠭᠡᠮᠵᠢᠲᠦ ᠳᠠᠭᠠᠳᠬᠠᠯ᠂ ᠢᠲᠡᠭᠡᠮᠵᠢᠲᠦ ᠵᠢᠭᠡᠯᠡᠯᠭᠡ ᠵᠡᠷᠭᠡ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠭᠠᠶᠢᠯᠢ ᠶᠢᠨ ᠪᠤᠴᠠᠭᠠᠯᠲᠠ ᠶᠢ ᠭᠦᠢᠴᠡᠳᠬᠡᠬᠦ ᠴᠠᠭ ᠢ ᠪᠣᠭᠤᠨᠢᠰᠬᠠᠭᠠᠳ 6 ᠠᠵᠢᠯ ᠤᠨ ᠡᠳᠦᠷ ᠢᠶᠠᠷ ᠬᠢᠵᠠᠭᠠᠷᠯᠠᠪᠠ᠃ ᠭᠠᠳᠠᠭᠠᠳᠤ ᠭᠤᠪᠢᠭᠤᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠪᠡ᠃ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠢ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ 152 ᠰᠢᠨ᠎ᠡ ᠪᠠᠷ ᠪᠠᠶᠢᠭᠤᠯᠵᠤ᠂ ᠨᠢᠭᠡ ᠪᠦᠯᠦᠭ ᠭᠠᠳᠠᠭᠠᠳᠤ ᠳᠠᠬᠢ ᠬᠥᠮᠥᠷᠭᠡ ᠪᠠᠶᠢᠭᠤᠯᠬᠤ ᠶᠢ ᠳᠡᠮᠵᠢᠪᠡ᠃ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ ᠬᠡᠷᠡᠭᠯᠡᠭᠡᠨ ᠤ ᠵᠦᠢᠯ ᠤᠨ ᠦᠵᠡᠰᠭᠦᠯᠡᠩ ᠵᠡᠷᠭᠡ ᠴᠢᠬᠤᠯᠠ ᠶᠡᠭᠡ ᠦᠵᠡᠰᠭᠦᠯᠡᠩ ᠤᠨ ᠦᠢᠯᠡᠳᠦᠯ ᠢ ᠪᠠᠳᠠᠷᠠᠭᠤᠯᠪᠠ᠃ ᠪᠣᠭᠤᠮᠲᠠ ᠪᠠᠷ ᠥᠩᠭᠡᠷᠡᠬᠦ ᠶᠢ ᠳᠥᠲᠡᠴᠢᠯᠡᠬᠦ ᠶᠢ ᠠᠬᠢᠭᠤᠯᠵᠤ᠂ ᠭᠠᠳᠠᠭᠠᠳᠤ ᠤᠷᠤᠭᠤᠯᠤᠯᠳᠠ ᠪᠠ ᠭᠠᠳᠠᠭᠠᠳᠤ ᠭᠠᠷᠭᠠᠯᠲᠠ ᠶᠢᠨ ᠪᠣᠭᠤᠮᠲᠠ ᠪᠠᠷ ᠥᠩᠭᠡᠷᠡᠬᠦ ᠴᠠᠭ ᠢ ᠲᠤᠰ ᠲᠤᠰ 67% ᠪᠠ 92% ᠢᠶᠠᠷ ᠪᠣᠭᠤᠨᠢᠰᠬᠠᠵᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠭᠤᠭᠴᠤᠭ᠎ᠠ ᠶᠢᠨ ᠲᠣᠭᠲᠠᠭᠠᠯ ᠳᠤ ᠨᠡᠶᠢᠴᠡᠭᠦᠯᠬᠦ ᠥᠪᠡᠷ ᠤᠨ ᠦᠷᠳᠡᠭ ᠢᠯᠡᠳᠲᠡ ᠪᠠᠭᠤᠷᠠᠪᠠ᠃ ᠪᠣᠭᠤᠮᠲᠠ ᠶᠢᠨ ᠭᠠᠶᠢᠯᠢ ᠶᠢᠨ ᠶᠡᠷᠦᠩᠬᠡᠢ ᠲᠦᠪᠰᠢᠨ 9.8% ᠪᠠᠶᠢᠭᠰᠠᠨ ᠠᠴᠠ ᠪᠠᠨ ᠪᠠᠭᠤᠷᠠᠭᠠᠳ 7.4% ᠪᠣᠯᠪᠠ᠃ ᠦᠢᠯᠡᠴᠢᠯᠡᠭᠡᠨ ᠤ ᠠᠷᠠᠯᠵᠢᠶ᠎ᠠ ᠶᠢ ᠰᠢᠨ᠎ᠡ ᠶᠢ ᠡᠭᠦᠳᠦᠨ ᠬᠥᠭᠵᠢᠭᠦᠯᠬᠦ ᠲᠤᠷᠰᠢᠯᠲᠠ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠬᠡᠷᠡᠭᠵᠢᠭᠦᠯᠪᠡ᠃ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠲᠣᠭᠲᠠᠭᠤᠨ ᠨᠡᠮᠡᠭᠳᠡᠯ ᠨᠢ ᠠᠵᠤ ᠠᠬᠤᠢ ᠶᠢᠨ ᠬᠥᠭᠵᠢᠯᠲᠡ  ᠶᠢ ᠬᠦᠴᠦᠲᠡᠢ ᠲᠤᠯᠭᠠᠭᠤᠷᠢᠯᠠᠪᠠ᠃      ᠭᠠᠳᠠᠭᠠᠳᠤ ᠪᠡᠯᠡ ᠶᠢ ᠢᠳᠡᠪᠬᠢᠲᠡᠢ ᠪᠥᠭᠡᠳ ᠪᠦᠲᠦᠮᠵᠢᠲᠡᠶ ᠠᠰᠢᠭᠯᠠᠪᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ ᠢ ᠨᠡᠶᠢᠲᠡᠯᠡᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠳᠠ ᠶᠢᠨ ᠣᠷᠴᠢᠨ ᠨᠥᠬᠦᠴᠡᠯ ᠢ ᠲᠠᠰᠤᠷᠠᠯᠳᠠ ᠦᠭᠡᠢ ᠰᠢᠯᠢᠳᠡᠭᠵᠢᠭᠦᠯᠪᠡ᠃ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠦᠷᠭᠦᠯᠵᠢᠯᠡᠨ ᠠᠭᠤᠵᠢᠭᠤ ᠲᠠᠯᠪᠢᠵᠤ᠂ ᠪᠦᠭᠦ ᠤᠯᠤᠰ ᠪᠠ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠵᠦᠢᠯ ᠤᠨ ᠲᠤᠭ᠎ᠠ ᠶᠢ ᠲᠣᠰ ᠲᠤᠰ 51% ᠪᠠ 72% ᠢᠶᠠᠷ ᠪᠠᠭᠠᠰᠬᠠᠨ᠂ ᠥᠢᠯᠡᠳᠭᠦ ᠦᠢᠯᠡᠰ ᠤᠨ ᠬᠦᠷᠢᠶ᠎ᠡ ᠶᠢ ᠦᠨᠳᠦᠰᠦᠨ ᠳᠡᠭᠡᠨ ᠪᠦᠭᠦ ᠲᠠᠯ᠎ᠠ ᠪᠠᠷ ᠴᠢᠯᠦᠭᠡᠲᠡᠢ ᠲᠠᠯᠪᠢᠵᠤ᠂ ᠮᠥᠩᠭᠦᠨ ᠭᠦᠢᠯᠭᠡᠭᠡ ᠵᠡᠷᠭᠡ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠨᠢᠭᠡᠨᠲᠡ 21 ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ  ᠢ ᠪᠠᠶᠢᠭᠤᠯᠵᠤ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ ᠡᠯ᠎ᠡ ᠭᠠᠵᠠᠷ ᠣᠷᠣᠨ ᠤ ᠬᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠦᠨ ᠭᠠᠳᠠᠭᠠᠳᠤ ᠪᠡᠯᠡ ᠶᠢ ᠠᠬᠢᠭᠤᠯᠬᠤ ᠦᠢᠯᠡᠴᠢᠯᠡᠭᠡ ᠪᠠᠨ ᠴᠢᠩᠭᠠᠳᠬᠠᠨ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠠ ᠲᠥᠰᠥᠯ ᠢ ᠵᠣᠯᠭᠠᠯᠳᠤᠭᠤᠯᠬᠤ ᠡᠷᠴᠢᠮ ᠢᠶᠠᠨ ᠴᠢᠩᠭᠠᠷᠠᠭᠤᠯᠪᠠ᠃ ᠭᠠᠳᠠᠭᠠᠳᠤ ᠪᠡᠯᠡ ᠶᠢᠨ ᠨᠢᠭᠡ ᠪᠦᠯᠦᠭ ᠲᠣᠮᠣ ᠲᠥᠰᠥᠯ ᠢ ᠨᠠᠶᠢᠳᠠᠪᠤᠷᠢᠵᠢᠭᠤᠯᠵᠤ᠂ ᠮᠠᠨ ᠤ ᠤᠯᠤᠰ ᠦᠷᠭᠦᠯᠵᠢᠯᠡᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠵᠤ ᠠᠵᠢᠯ ᠦᠢᠯᠡᠰ ᠬᠥᠭᠵᠢᠭᠦᠯᠬᠦ ᠬᠠᠯᠠᠭᠤᠨ ᠥᠯᠥᠭᠡᠢ ᠪᠣᠯᠪᠠ᠃      ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠠᠬᠢᠭᠤᠯᠪᠠ᠃ ᠬᠠᠮᠲᠤ ᠪᠠᠷ ᠵᠥᠪᠳᠡᠭᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠭᠦ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠵᠠᠷᠴᠢᠮ ᠪᠠ ᠣᠯᠠᠨ ᠤᠯᠤᠰ ᠤᠨ ᠨᠡᠶᠢᠳᠡᠮ ᠬᠡᠷᠡᠭᠯᠡᠬᠦ ᠳᠦᠷᠢᠮ ᠢ ᠵᠢᠷᠤᠮᠯᠠᠵᠤ᠂ ᠨᠢᠭᠡ ᠪᠦᠯᠦᠭ ᠬᠤᠯᠪᠣᠨ ᠨᠡᠪᠲᠡᠷᠡᠭᠦᠯᠬᠦ ᠪᠠ ᠦᠢᠯᠡᠳᠪᠦᠷᠢᠯᠡᠬᠦ ᠴᠢᠳᠠᠪᠤᠷᠢ ᠶᠢᠨ ᠬᠠᠮᠲᠤᠷᠠᠯᠴᠠᠭᠠᠨ ᠤ ᠲᠥᠰᠥᠯ ᠢ ᠬᠡᠷᠡᠭᠵᠢᠭᠦᠯᠵᠦ᠂ ᠵᠠᠮ ᠳᠠᠭᠠᠤ ᠶᠢᠨ ᠤᠯᠤᠰ ᠯᠤᠭ᠎ᠠ ᠶᠢᠨ ᠡᠳ᠋ ᠪᠠᠷᠠᠭᠠᠨ ᠤ ᠭᠠᠳᠠᠭᠠᠳᠤ ᠣᠷᠣᠭᠤᠯᠥᠯᠳᠡ ᠪᠠ ᠭᠠᠳᠠᠭᠠᠳᠤ ᠭᠠᠷᠭᠠᠯᠲᠠ ᠶᠢᠨ ᠲᠤᠭ᠎ᠠ ᠵᠢᠯ ᠳᠤᠮᠳᠠᠴᠢ ᠪᠠᠷ 13.4% ᠪᠠᠷ ᠨᠡᠮᠡᠭᠳᠡᠵᠦ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠪᠡ᠃ ᠪᠠᠷᠠᠭᠤᠨ ᠬᠡᠰᠡᠭ ᠤᠨ ᠭᠠᠵᠠᠷ ᠣᠷᠣᠨ ᠤ ᠳᠠᠯᠠᠢ ᠬᠠᠭᠤᠷᠠᠢ ᠶᠢᠨ ᠰᠢᠨ᠎ᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠭᠠᠳᠠᠭᠠᠳᠤ ᠪᠡᠯᠡ ᠣᠷᠣᠭᠤᠯᠥᠯᠳᠡ ᠶᠢᠨ ᠡᠷᠡᠭᠦᠯ ᠪᠥᠭᠡᠳ ᠡᠮᠬᠢ ᠵᠢᠷᠤᠮ ᠲᠠᠢ ᠭᠦᠭᠵᠢᠭᠦ ᠶᠢ ᠬᠥᠲᠥᠯᠥᠨ ᠵᠢᠯᠤᠭᠤᠳᠴᠤ᠂ ᠬᠢᠯᠢ ᠶᠢᠨ ᠭᠠᠳᠠᠨᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠪᠠ᠃ 6 ᠴᠢᠯᠦᠭᠡᠲᠦ ᠠᠷᠠᠯᠵᠢᠶᠠᠨ ᠤ ᠬᠡᠯᠡᠯᠴᠡᠭᠡᠷ  ᠢ ᠰᠢᠨ᠎ᠡ ᠪᠠᠷ ᠲᠣᠭᠲᠠᠭᠠᠭᠰᠠᠨ ᠪᠠ ᠲᠡᠰ ᠢ ᠨᠢ ᠳᠡᠪᠰᠢᠭᠦᠯᠵᠦ᠂ ᠴᠢᠯᠦᠭᠡᠲᠦ ᠠᠷᠠᠯᠵᠢᠶᠠᠨ ᠤ ᠬᠠᠨᠢᠲᠠᠨ ᠯᠤᠭ᠎ᠠ ᠶᠢᠨ ᠡᠳ᠋ ᠪᠠᠷᠠᠭᠠᠨ ᠤ ᠭᠠᠳᠠᠭᠠᠳᠤ ᠣᠷᠣᠭᠤᠯᠤᠯᠳᠠ ᠪᠠ ᠭᠠᠳᠠᠭᠠᠳᠤ ᠭᠠᠷᠭᠠᠯᠲᠠ ᠶᠢᠨ ᠲᠤᠭ᠎ᠠ ᠶᠢᠨ ᠡᠵᠡᠯᠡᠭᠦ ᠬᠠᠷᠢᠴᠠᠯ 26% ᠪᠠᠶᠢᠭᠰᠠᠨ ᠠᠴᠠ ᠪᠠᠨ 35% ᠣᠷᠴᠢᠮ ᠪᠤᠯᠳᠡᠯ᠎ᠠ ᠳᠡᠭᠡᠭᠰᠢᠯᠡᠪᠡ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠪᠠᠲᠤ ᠬᠠᠮᠠᠭᠠᠯᠠᠵᠤ᠂ ᠠᠷᠠᠯᠵᠢᠶᠠᠨ ᠤ ᠬᠠᠮᠠᠭᠠᠯᠠᠬᠤ ᠦᠵᠡᠯ ᠢ ᠡᠰᠡᠷᠭᠦᠴᠡᠵᠦ᠂ ᠠᠵᠤ ᠠᠬᠤᠢ ᠠᠷᠠᠯᠵᠢᠶᠠᠨ ᠤ ᠥᠷᠥᠯᠳᠥᠭᠡᠨ  ᠢ ᠯᠠᠪᠳᠠᠭᠤᠨ ᠲᠣᠬᠢᠲᠠᠢ ᠠᠷᠭᠠᠴᠠᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠳᠥᠳᠡᠴᠢᠯᠡᠯᠳᠡ ᠶᠢ ᠠᠬᠢᠭᠤᠯᠪᠠ᠃      ︵ᠨᠠᠢᠮᠠ︶ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠠᠬᠢᠭᠤᠯᠪᠠ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠲᠡᠠ ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠪᠦᠷᠢᠨᠰᠢᠭᠦᠯᠦᠨ᠂ ᠬᠥᠭᠵᠢᠭᠦᠯᠬᠦ ᠪᠠ ᠬᠠᠮᠠᠭᠠᠯᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃      ᠪᠣᠬᠢᠷᠳᠤᠯ ᠢ ᠵᠠᠰᠠᠬᠤ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ᠪᠣᠬᠢᠷᠳᠤᠯ ᠢ ᠨᠠᠷᠢᠯᠢᠭ ᠣᠨᠣᠴᠠᠲᠠᠢ ᠪᠠᠷ᠂ ᠰᠢᠨᠵᠢᠯᠡᠬᠦ ᠤᠬᠠᠭᠠᠨᠴᠢ ᠪᠠᠷ᠂ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠭᠦᠨᠵᠡᠭᠡᠢ ᠠᠬᠢᠭᠤᠯᠪᠠ᠃ ᠤᠯᠠᠨ ᠪᠣᠬᠢᠷᠲᠤᠭᠤᠯᠬᠤ ᠪᠣᠳᠠᠰ  ᠢ ᠬᠠᠮᠵᠢᠯᠴᠠᠨ ᠵᠠᠰᠠᠬᠤ ᠪᠠ ᠣᠷᠣᠨ ᠪᠦᠰᠡ ᠪᠠᠷ ᠢᠶᠠᠨ ᠬᠠᠮᠲᠤ ᠪᠠᠷ ᠰᠡᠷᠭᠡᠶᠢᠯᠡᠵᠦ ᠬᠠᠮᠲᠤ ᠪᠠᠷ ᠬᠢᠵᠠᠭᠠᠷᠯᠠᠬᠤ ᠶᠢ ᠴᠢᠬᠤᠯᠠᠴᠢᠯᠠᠵᠤ᠂ ᠲᠤᠰᠬᠠᠢ ᠣᠷᠣᠨ ᠤ ᠳᠡᠰ ᠵᠢᠴᠢ ᠲᠡᠭᠦᠨ ᠠᠴᠠ ᠳᠡᠭᠡᠭᠰᠢᠬᠢ ᠬᠤᠳᠠ ᠶᠢᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 86.5% ᠳᠤ ᠬᠦᠷᠴᠦ᠂ 4 ᠵᠠᠭᠤᠨ ᠤ ᠨᠢᠭᠡᠴᠢ ᠪᠠᠷ ᠳᠡᠭᠡᠭᠰᠢᠯᠡᠪᠡ ᠃ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠵᠤ᠂ ᠴᠢᠬᠤᠯᠠ ᠭᠤᠣᠯ ᠮᠥᠷᠡᠨ ᠨᠠᠭᠤᠷ ᠴᠥᠭᠦᠷᠥᠮ᠂ ᠡᠷᠭᠢ ᠣᠶᠢᠷᠠᠯᠴᠠᠭ᠎ᠠ ᠲᠡᠯᠡᠶ ᠶᠢᠨ ᠣᠷᠣᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠠᠬᠢᠭᠤᠯᠪᠠ᠃ ᠬᠥᠷᠥᠰᠥ ᠰᠢᠷᠣᠢ ᠶᠢᠨ ᠪᠣᠬᠢᠷᠳᠤᠯ ᠤᠨ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠪᠠ ᠵᠠᠰᠠᠨ ᠰᠡᠷᠭᠦᠭᠡᠬᠦ ᠡᠷᠴᠢᠮ ᠢ ᠴᠢᠩᠭᠠᠷᠠᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠰᠢᠨ᠎ᠡ ᠪᠣᠬᠢᠷᠲᠤᠭᠤᠯᠬᠤ ᠪᠣᠳᠠᠰ ᠤᠨ ᠵᠠᠰᠠᠯᠲᠠ ᠶᠢ ᠴᠢᠩᠭᠠᠳᠬᠠᠪᠠ᠃ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠠ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠢ ᠪᠦᠭᠦ ᠲᠠᠯ᠎ᠠ ᠪᠠᠷ ᠵᠠᠭᠠᠭᠯᠠᠨ ᠲᠣᠭᠲᠠᠭᠠᠪᠠ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠲᠣᠭᠤᠷᠢᠮ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠨᠢᠭᠡ ᠪᠦᠯᠦᠭ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠪᠡ᠃ ᠬᠥᠬᠡᠮᠥ᠋ᠷᠡᠨ ᠢ ᠶᠡᠭᠡ ᠪᠠᠷ ᠬᠠᠮᠠᠭᠠᠯᠠᠬᠤ ᠶᠢ ᠬᠠᠮᠲᠤ ᠪᠠᠷ ᠠᠳᠬᠤᠬᠤ ᠶᠢ ᠠᠬᠢᠭᠤᠯᠵᠤ᠂ ᠬᠥᠬᠡᠮᠥ᠋ᠷᠡᠨ ᠤ ᠰᠠᠪᠠ ᠭᠠᠵᠠᠷ ᠤᠨ ᠭᠤᠣᠯᠳᠠᠯᠭ᠎ᠠ ᠲᠠᠢ ᠤᠰᠤᠨ ᠣᠷᠣᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠭᠦᠨᠵᠡᠭᠡᠢ ᠬᠡᠷᠡᠭᠵᠢᠭᠦᠯᠪᠡ᠃ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠪᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ ᠲᠡᠭᠦᠯᠳᠡᠷᠵᠢᠭᠦᠯᠪᠡ᠃ ᠣᠢ ᠰᠢᠭᠤᠢ ᠶᠢᠨ ᠪᠦᠷᠬᠦᠴᠡ 24% ᠳᠤ ᠬᠦᠷᠴᠦ᠂ ᠨᠤᠲᠤᠭ ᠪᠡᠯᠴᠢᠭᠡᠷ ᠤᠨ ᠤᠷᠭᠤᠮᠠᠯ ᠤᠨ ᠶᠡᠷᠦᠩᠬᠡᠢ ᠪᠦᠷᠬᠦᠴᠡ ᠪᠠ ᠨᠤᠭᠤ ᠭᠠᠵᠠᠷ ᠤᠨ ᠬᠠᠮᠠᠭᠠᠯᠠᠯᠲᠠ ᠶᠢᠨ ᠨᠣᠷᠮ᠎ᠠ ᠴᠥᠮ 50% ᠠᠴᠠ ᠳᠡᠭᠡᠭᠰᠢ ᠳᠤ ᠬᠦᠷᠴᠦ᠂ ᠬᠥᠷᠥᠰᠥ ᠰᠢᠷᠣᠢ ᠢᠳᠡᠭᠳᠡᠭᠰᠡᠨ᠂ ᠴᠦᠯᠵᠢᠭᠰᠡᠨ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠶᠢ ᠲᠣᠰ ᠲᠣᠰ 10.6 ᠲᠦᠮᠡ᠂ 3.8 ᠲᠦᠮᠡ ᠪᠠ 3.3 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠭᠠᠰᠬᠠᠪᠠ᠃ ᠠᠷᠠᠳ ᠤᠯᠠᠨ ᠳᠤ ᠬᠥᠬᠡ ᠣᠭᠲᠠᠷᠭᠤᠢ ᠬᠥᠪᠥᠩ ᠴᠠᠭᠠᠨ ᠡᠭᠦᠯᠡ᠂ ᠬᠥᠬᠡᠮᠳᠦᠭ ᠠᠭᠤᠯᠠ ᠨᠣᠮᠢᠨ ᠴᠡᠩᠬᠡᠷ ᠤᠰᠤ ᠶᠢ ᠶᠠᠪᠤᠬᠤ ᠲᠤᠳᠤᠮ ᠤᠯᠠᠨ ᠡᠳ᠋ᠯᠡᠭᠦᠯᠭᠦ ᠪᠣᠯᠪᠠ᠃      ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠯᠠᠪᠳᠠᠭᠤᠨ ᠢᠶᠠᠷ ᠠᠬᠢᠭᠤᠯᠪᠠ᠃ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠲᠣᠭᠲᠠᠪᠤᠷᠢᠲᠠᠢ ᠬᠠᠩᠭᠠᠯᠭ᠎ᠠ ᠪᠠ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠳᠤᠨᠢ ᠭᠦᠷᠭᠡᠭᠦ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠠᠬᠢᠭᠤᠯᠪᠠ᠃ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠰᠢᠯᠢᠳᠡᠭᠵᠢᠭᠦᠯᠦᠨ᠂ ᠭᠡᠲᠦ ᠳᠣᠣᠷ᠎ᠠ ᠭᠠᠳᠠᠭᠰᠢᠯᠠᠭᠤᠯᠤᠯᠲᠠ ᠶᠢ ᠪᠡᠶᠡᠯᠡᠭᠦᠯᠦᠭᠰᠡᠨ ᠨᠡᠭᠦᠷᠡᠰᠦᠨ ᠴᠠᠭᠢᠯᠭᠠᠨ ᠤ ᠮᠠᠰᠢᠨ ᠴᠣᠭᠴᠠᠯᠠᠪᠤᠷᠢ 10.5 ᠳ᠋ᠦᠩᠰᠢᠭᠤᠷ ᠺᠢᠯᠣᠸᠠᠲ ᠢ ᠳᠠᠪᠠᠵᠤ᠂ ᠳᠠᠭᠢᠨ ᠡᠭᠦᠰᠴᠦ ᠪᠤᠯᠬᠤ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 6.5 ᠳ᠋ᠦᠩᠰᠢᠭᠤᠷ ᠺᠢᠯᠣᠸᠠᠲ ᠪᠠᠶᠢᠭᠰᠠᠨ  ᠠᠴᠠ ᠪᠠᠨ ᠨᠡᠮᠡᠭᠳᠡᠭᠡᠳ 12 ᠳ᠋ᠦᠩᠰᠢᠭᠤᠷ ᠺᠢᠯᠣᠸᠠᠲ ᠢ ᠳᠠᠪᠠᠵᠤ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠡᠵᠡᠯᠡᠭᠦ ᠬᠠᠷᠢᠴᠠᠯ 20.8% ᠪᠠᠶᠢᠭᠰᠠᠨ ᠠᠴᠠ ᠪᠠᠨ ᠳᠡᠭᠡᠭᠰᠢᠯᠡᠭᠡᠳ 25% ᠠᠴᠠ ᠳᠡᠭᠡᠭᠰᠢ ᠪᠣᠯᠪᠠ᠃ ᠡᠬᠢ ᠪᠠᠶᠠᠯᠢᠭ ᠢ ᠠᠷᠪᠢᠯᠠᠬᠤ ᠠᠵᠢᠯ ᠢ ᠪᠦᠭᠦ ᠲᠠᠯ᠎ᠠ ᠪᠠᠷ ᠴᠢᠩᠭᠠᠳᠬᠠᠵᠤ᠂ ᠨᠣᠭᠤᠭᠠᠨ ᠠᠵᠤ ᠦᠢᠯᠡᠰ ᠪᠠ ᠣᠷᠴᠢᠯ ᠠᠵᠤ ᠠᠬᠤᠢ ᠶᠢ ᠬᠥᠭᠵᠢᠭᠦᠯᠵᠦ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠮᠡᠷᠭᠡᠵᠢᠯ ᠪᠠ ᠦᠢᠯᠡᠳᠬᠦᠨ ᠢ ᠰᠤᠳᠤᠯᠤᠨ ᠨᠡᠭᠡᠭᠡᠵᠦ ᠬᠡᠷᠡᠭᠯᠡᠬᠦ ᠶᠢ ᠠᠬᠢᠭᠤᠯᠪᠠ᠃ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠢ ᠬᠤᠷᠠᠭᠤᠯᠤᠨ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠣᠭᠤᠭᠠᠨ ᠬᠥᠭᠵᠢᠯᠲᠡ ᠳᠠᠬᠢ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠪᠠ᠃ ᠡᠨᠧᠷᠭᠢ ᠶᠢᠨ ᠬᠤᠷᠣᠭᠳᠠᠭᠤᠯᠤᠯ ᠢ ᠬᠢᠨᠠᠨ ᠰᠢᠯᠭᠠᠬᠤ ᠠᠷᠭ᠎ᠠ ᠮᠠᠶ᠋ᠢᠭ ᠢ ᠲᠡᠭᠦᠯᠳᠡᠷᠵᠢᠭᠦᠯᠪᠡ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠤᠯᠠᠨ ᠤᠯᠤᠰ ᠤᠨ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ ᠵᠠᠰᠠᠯᠲᠠ ᠶᠢ ᠠᠬᠢᠭᠤᠯᠬᠤ ᠳᠤ ᠳᠤᠮᠳᠠᠳᠤ ᠤᠯᠤᠰ ᠤᠨ ᠬᠤᠪᠢ ᠨᠡᠮᠡᠷᠢ ᠪᠠᠨ ᠦᠵᠡᠭᠦᠯᠪᠡ᠃      ︵ᠶᠢᠰᠦ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠦᠢᠯᠡᠰ ᠤᠨ ᠬᠥᠭᠵᠢᠯᠲᠡ ᠶᠢ ᠲᠦᠷᠭᠡᠳᠬᠡᠪᠡ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠦᠨᠳᠦᠰᠦᠨ ᠵᠦᠢᠯ  ᠢ ᠪᠠᠲᠤᠯᠠᠬᠤ᠂ ᠬᠢᠵᠠᠭᠠᠷ ᠱᠤᠭᠤᠮ ᠢ ᠪᠠᠲᠤᠯᠠᠬᠤ᠂ ᠲᠥᠪ ᠭᠤᠤᠯᠴᠢ ᠪᠠᠶᠢᠬᠤ ᠶᠢ ᠠᠬᠢᠭᠤᠯᠬᠤ ᠶᠢ ᠬᠦᠴᠦᠯᠡᠨ ᠪᠡᠶᠡᠯᠡᠭᠦᠯᠵᠦ ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠥ᠂ ᠤᠯᠠᠨ ᠨᠠᠶᠢᠳᠠ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠤᠯᠭᠠᠬᠤ ᠶᠢ ᠠᠬᠢᠭᠤᠯᠵᠤ᠂ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠪᠡ᠃      ᠰᠤᠷᠭᠠᠨ ᠬᠥᠮᠦᠵᠢᠯ ᠤᠨ ᠭᠤᠤᠯᠴᠢ ᠪᠠᠶᠢᠬᠤ ᠪᠠ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠪᠠ᠃ ᠥᠨᠢᠳᠡ  ᠶᠢᠨ ᠶᠡᠭᠡ ᠪᠣᠳᠣᠯᠭ᠎ᠠ ᠶᠢ ᠲᠣᠭᠲᠠᠭᠠᠬᠤ ᠳᠤ ᠰᠤᠷᠭᠠᠨ ᠬᠥᠮᠦᠵᠢᠯ ᠪᠣᠯ ᠦᠨᠳᠦᠰᠦ ᠪᠣᠯᠣᠨ᠎ᠠ᠃ ᠤᠯᠤᠰ ᠤᠨ ᠳᠣᠲᠣᠭᠠᠳᠤ  ᠶᠢᠨ ᠦᠢᠯᠡᠳᠪᠦᠷᠢᠯᠡᠯ ᠤᠨ ᠪᠦᠭᠦ ᠦᠷᠳᠡᠭ ᠲᠤ ᠡᠵᠡᠯᠡᠭᠦ ᠡᠳ᠋ ᠤᠨ ᠵᠠᠰᠠᠭ ᠤᠨ ᠴᠢᠨᠠᠷᠲᠠᠢ ᠰᠤᠷᠭᠠᠨ ᠬᠥᠮᠦᠵᠢᠯ ᠤᠨ ᠵᠠᠷᠤᠳᠠᠯ ᠤᠨ ᠬᠠᠷᠢᠴᠠᠯ ᠢ ᠵᠢᠯ ᠪᠦᠷᠢ ᠴᠥᠮ 4% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠰᠤᠷᠤᠬᠴᠢ ᠶᠢᠨ ᠬᠥᠮᠥᠨ ᠳᠤᠮᠳᠠᠴᠢ ᠶᠢᠨ ᠵᠠᠷᠤᠳᠠᠯ ᠤᠨ ᠪᠡᠯᠡ ᠤᠷᠤᠭᠤᠯᠤᠯᠳᠠ ᠶᠡᠭᠡ ᠬᠡᠮᠵᠢᠶ᠎ᠡ ᠪᠠᠷ ᠨᠡᠮᠡᠭᠳᠡᠪᠡ᠃ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠤᠲᠠ ᠪᠠᠯᠭᠠᠰᠤᠨ ᠤ ᠰᠤᠷᠤᠬᠴᠢ ᠣᠯᠠᠨᠲᠠᠢ ᠲᠣᠮᠣ ᠠᠩᠭᠢ ᠶᠢ ᠦᠨᠳᠦᠰᠦᠨ ᠳᠡᠭᠡᠨ ᠠᠷᠢᠯᠭᠠᠵᠤ᠂ ᠬᠤᠲᠠ ᠣᠷᠣᠵᠤ ᠠᠵᠢᠯ ᠭᠦᠳᠡᠯᠮᠤᠷᠢ ᠬᠢᠭᠰᠡᠳ ᠤᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠶᠢ 93.8% ᠪᠠᠶᠢᠭᠰᠠᠨ ᠠᠴᠠ 95.5% ᠪᠤᠯᠲᠠᠯ᠎ᠠ ᠳᠡᠭᠡᠭᠰᠢᠯᠡᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠤᠯᠤᠰ ᠠᠴᠠ ᠨᠢᠭᠡᠳᠦᠯᠲᠡᠢ ᠬᠡᠷᠡᠭᠵᠢᠭᠦᠯᠬᠦ ᠶᠢ ᠪᠠᠷᠢᠮᠲᠠᠯᠠᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠬᠴᠢᠳ ᠤᠨ ᠳᠠᠷᠤᠭᠠᠰᠤ ᠶᠢ ᠬᠥᠩᠭᠡᠷᠡᠭᠦᠯᠪᠡ᠃ ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠪᠡ᠃ ᠰᠢᠮ᠎ᠡ ᠲᠡᠵᠢᠭᠡᠯ  ᠢ ᠰᠠᠶᠢᠵᠢᠷᠠᠭᠤᠯᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠵᠢᠯ ᠪᠦᠷᠢ 3700 ᠭᠠᠷᠤᠢ ᠲᠦᠮᠡᠨ ᠰᠤᠷᠤᠬᠴᠢ  ᠳᠤ ᠠᠰᠢᠭ ᠬᠦᠷᠲᠡᠭᠡᠪᠡ᠃ ᠪᠠᠭᠰᠢ ᠢᠯᠠᠩᠭᠤᠶ᠎ᠠ ᠬᠥᠳᠡᠭᠡ ᠲᠣᠰᠬᠤᠨ ᠤ ᠪᠠᠭᠰᠢ ᠶᠢᠨ ᠴᠠᠯᠢᠩ ᠬᠠᠷᠠᠭᠠᠯᠵᠠᠯ ᠢ ᠪᠠᠲᠤᠯᠠᠪᠠ᠃ ᠬᠡᠦᠬᠡᠳ ᠤᠨ ᠴᠡᠴᠡᠷᠯᠢᠭ ᠤᠨ ᠬᠠᠩᠭᠠᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠪᠡ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠭᠰᠠᠨ ᠪᠦᠭᠦ ᠨᠤᠷᠮ᠎ᠠ ᠶᠢ 90% ᠠᠴᠠ ᠳᠡᠭᠡᠭᠰᠢ ᠪᠤᠯᠳᠠᠯ᠎ᠠ ᠳᠡᠭᠡᠭᠰᠢᠯᠡᠭᠦᠯᠪᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ ᠴᠢᠩᠭᠠᠷᠠᠭᠤᠯᠵᠤ᠂ ᠠᠵᠢᠯ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠳᠡᠭᠡᠳᠦ ᠰᠤᠷᠭᠠᠭᠤᠯᠢ ᠶᠢᠨ ᠰᠤᠷᠤᠬᠴᠢ ᠡᠯᠰᠡᠭᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠭᠰᠠᠨ ᠪᠦᠭᠦ ᠨᠣᠷᠮ᠎ᠠ ᠶᠢ 45.7% ᠪᠠᠶᠢᠭᠰᠠᠨ ᠠᠴᠠ 59.6% ᠪᠤᠯᠳᠡᠯ᠎ᠠ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠭᠦ ᠳᠤ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠪᠠ ᠬᠥᠳᠡᠭᠡ ᠲᠣᠰᠬᠤᠨ ᠤ ᠭᠠᠵᠠᠷ ᠣᠷᠣᠨ ᠲᠡᠶᠢᠰᠢ ᠬᠡᠯᠪᠡᠶᠢᠯᠭᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠪᠠ᠃ ᠠᠵᠤ ᠠᠮᠢᠳᠤᠷᠠᠯ ᠨᠢ ᠬᠦᠴᠢᠷᠲᠡᠢ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢᠳ ᠲᠤ ᠥᠭᠬᠦ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃ ︽ᠰᠠᠭᠤᠷᠢ ᠰᠢᠨᠵᠢᠯᠡᠭᠡᠨ ᠤ ᠰᠠᠯᠠᠭ᠎ᠠ  ᠶᠢ ᠴᠢᠩᠭᠠᠳᠬᠠᠬᠤ ᠲᠥᠯᠥᠪᠯᠡᠭᠡ︾ ᠪᠣᠯᠣᠨ ᠰᠠᠭᠤᠷᠢ ᠰᠢᠨᠵᠢᠯᠡᠭᠡᠨ ᠤ ᠰᠠᠯᠠᠭᠠᠨ ᠤ ᠣᠷᠣᠶᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠰᠠᠭᠤᠷᠢ ᠰᠢᠨᠵᠢᠯᠡᠭᠡᠨ ᠤ ᠰᠠᠯᠠᠭᠠᠨ ᠤ ᠣᠷᠣᠶᠢᠯᠠᠭᠰᠠᠨ ᠰᠤᠷᠤᠬᠴᠢᠳ ᠢ ᠬᠥᠮᠥᠵᠢᠭᠦᠯᠬᠦ ᠰᠠᠭᠤᠷᠢᠨ ᠭᠠᠵᠠᠷ ᠢ 288 ᠪᠠᠶᠢᠭᠤᠯᠵᠤ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠣᠯᠣᠨ ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠥᠭᠵᠢᠯᠲᠡ ᠶᠢᠨ ᠴᠢᠳᠠᠪᠤᠷᠢᠲᠠᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠪᠠ᠃      ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠶᠢ ᠭᠦᠨᠵᠡᠭᠡᠢ ᠠᠬᠢᠭᠤᠯᠤᠨ ᠴᠢᠷᠮᠠᠶᠢᠨ ᠲᠦᠭᠡᠮᠡᠯᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠨᠳᠦᠰᠦᠨ ᠡᠮᠨᠡᠯᠭᠡ ᠡᠷᠡᠭᠦᠯ ᠬᠠᠮᠠᠭᠠᠯᠠᠯ ᠤᠨ ᠳᠦᠷᠢᠮ ᠢ ᠣᠯᠠᠨ ᠨᠡᠶᠢᠲᠡ ᠶᠢᠨ ᠦᠢᠯᠡᠳᠬᠦᠨ ᠤ ᠬᠤᠪᠢ ᠪᠠᠷ ᠪᠦᠭᠦ ᠠᠷᠠᠳ ᠲᠤ ᠬᠠᠩᠭᠠᠵᠤ᠂ ᠣᠯᠠᠨ ᠲᠦᠮᠡᠨ ᠤ ᠡᠪᠡᠳᠴᠢᠨ ᠦᠵᠡᠭᠦᠯᠭᠦ ᠳᠤ ᠬᠦᠴᠢᠷᠲᠡᠢ ᠡᠪᠡᠳᠴᠢᠨ ᠦᠵᠡᠭᠦᠯᠭᠦ ᠳᠤ ᠦᠨᠡᠲᠡᠢ ᠪᠠᠶᠢᠬᠤ ᠠᠰᠠᠭᠤᠳᠠᠯ ᠢ ᠤᠯᠠᠮ ᠨᠢᠭᠡ ᠠᠯᠬᠤᠮ ᠨᠠᠮᠳᠠᠭᠤᠯᠪᠠ᠃ ᠡᠮᠨᠡᠯᠭᠡ ᠶᠢᠨ ᠦᠨᠳᠦᠰᠦᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 450 ᠲᠥᠭᠦᠷᠢᠭ ᠪᠠᠶᠢᠭᠰᠠᠨ ᠠᠴᠠ 610 ᠲᠥᠭᠦᠷᠢᠭ ᠪᠤᠯᠳᠡᠯ᠎ᠠ ᠳᠡᠭᠡᠭᠰᠢᠯᠡᠭᠦᠯᠪᠡ᠃ ᠣᠯᠠᠨ ᠲᠦᠮᠡᠨ ᠤ ᠪᠠᠴᠢᠮ ᠬᠡᠷᠡᠭᠰᠡᠬᠦ ᠨᠠᠩ ᠣᠯᠠᠨ ᠡᠮ ᠤᠨ ᠵᠦᠢᠯ ᠢ ᠡᠮᠨᠡᠯᠭᠡ  ᠶᠢᠨ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠪᠠ᠃ ᠡᠮᠨᠡᠯᠭᠡ ᠳᠤ ᠰᠠᠭᠤᠭᠰᠠᠨ ᠵᠠᠷᠤᠳᠠᠯ ᠪᠠ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠲᠠᠰᠤᠯᠤᠨ ᠪᠤᠳᠤᠬᠤ ᠪᠤᠯᠭᠠᠵᠥ᠂ ᠠᠰᠢᠭ ᠬᠦᠷᠲᠡᠭᠡᠭᠰᠡᠨ ᠬᠡᠮᠵᠢᠶ᠎ᠡ 5700 ᠭᠠᠷᠤᠢ ᠲᠦᠮᠡᠨ ᠬᠥᠮᠥᠨ ᠤᠳᠠᠭ᠎ᠠ ᠳᠤ ᠭᠦᠷᠪᠡ᠃ ᠡᠮ ᠤᠨ ᠵᠦᠢᠯ ᠪᠠ ᠡᠮᠨᠡᠯᠭᠡ ᠶᠢᠨ ᠬᠡᠷᠡᠭᠯᠡᠭᠡᠨ ᠤ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶᠡᠵᠢᠭᠦᠯᠵᠦ ᠬᠤᠳᠠᠯᠳᠤᠨ ᠠᠪᠬᠤ ᠶᠢ ᠬᠡᠷᠡᠭᠵᠢᠭᠦᠯᠵᠦ᠂ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠭᠰᠡᠨ ᠬᠡᠮᠵᠢᠶ᠎ᠡ 4000 ᠳ᠋ᠦᠩᠰᠢᠭᠤᠷ ᠲᠥᠭᠦᠷᠢᠭ ᠠᠴᠠ ᠬᠡᠲᠦᠷᠡᠪᠡ᠃ ᠤᠯᠤᠰ ᠤᠨ ᠠᠨᠠᠭᠠᠬᠤ ᠤᠬᠠᠭᠠᠨ ᠤ ᠲᠥᠪ ᠢ 13 ᠪᠠᠶᠢᠭᠤᠯᠵᠤ᠂ ᠤᠯᠤᠰ ᠤᠨ ᠣᠷᠣᠨ ᠪᠦᠰᠡ ᠶᠢᠨ ᠡᠮᠨᠡᠯᠭᠡ ᠶᠢᠨ ᠲᠥᠪ ᠢ 76 ᠪᠠᠶᠢᠷᠢᠯᠠᠭᠤᠯᠤᠨ ᠪᠦᠲᠦᠭᠡᠨ ᠪᠠᠶᠢᠭᠤᠯᠪᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠰᠢᠶᠠᠨ ᠤ ᠪᠦᠰᠡ ᠶᠢᠨ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠭᠦ ᠰᠢᠰᠲ᠋ᠧᠮ ᠢ ᠲᠡᠭᠦᠯᠳᠡᠷᠵᠢᠭᠦᠯᠪᠡ᠃ ᠨᠠᠰᠤᠲᠠᠶᠢᠴᠤᠳ ᠵᠡᠷᠭᠡ ᠬᠠᠮᠲᠤᠯᠢᠭ ᠤᠨ ᠡᠪᠡᠳᠴᠢᠨ ᠦᠵᠡᠭᠦᠯᠭᠦ ᠳᠤ ᠦᠢᠯᠡᠴᠢᠯᠡᠬᠦ ᠦᠢᠯᠡᠴᠢᠯᠡᠭᠡ  ᠶᠢ ᠰᠢᠯᠢᠳᠡᠭᠵᠢᠭᠦᠯᠪᠡ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠪᠠ ᠠᠷᠠᠳ ᠤᠨ ᠠᠮᠢᠳᠤᠷᠠᠯ ᠳᠤ ᠠᠰᠢᠭ ᠲᠤᠰᠠ ᠬᠦᠷᠲᠡᠭᠡᠬᠦ ᠶᠢ ᠠᠬᠢᠭᠤᠯᠪᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠠᠷᠤᠳᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ  ᠶᠢ 50 ᠲᠥᠭᠦᠷᠢᠭ ᠪᠠᠶᠢᠭᠰᠠᠨ ᠠᠴᠠ 84 ᠲᠥᠭᠦᠷᠢᠭ ᠪᠤᠯᠳᠡᠯ᠎ᠠ ᠳᠡᠭᠡᠭᠰᠢᠯᠡᠭᠦᠯᠪᠡ᠃ ᠰᠡᠷᠭᠡᠶᠢᠯᠡᠬᠦ ᠪᠠᠷ ᠭᠤᠣᠯ ᠪᠤᠯᠭᠠᠬᠤ  ᠶᠢ ᠪᠠᠷᠢᠮᠲᠠᠯᠠᠨ᠂ ᠬᠦᠨᠳᠦ ᠶᠡᠭᠡ ᠤᠵᠢᠭ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠪᠠ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠥᠭᠡᠷᠡᠴᠢᠯᠡᠨ ᠲᠡᠭᠦᠯᠳᠡᠷᠵᠢᠭᠦᠯᠵᠦ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠶᠢ ᠪᠠᠶᠢᠭᠤᠯᠵᠤ᠂ ᠬᠦᠨᠳᠦ ᠶᠡᠭᠡ ᠬᠢᠵᠢᠭ ᠢ ᠰᠡᠷᠭᠡᠶᠢᠯᠡᠨ ᠬᠢᠵᠠᠭᠠᠷᠯᠠᠵᠤ ᠠᠪᠤᠷᠠᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠠᠷᠠᠳ ᠲᠦᠮᠡᠨ ᠤ ᠡᠷᠡᠭᠦᠯ ᠮᠡᠨᠳᠦ ᠶᠢ ᠴᠢᠷᠮᠠᠶᠢᠨ ᠪᠠᠲᠤᠯᠠᠪᠠ᠃      ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡ ᠶᠢ ᠴᠢᠩᠭᠠᠳᠬᠠᠪᠠ᠃ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠥᠪ ᠠᠴᠠ ᠲᠣᠬᠢᠷᠠᠭᠤᠯᠬᠤ ᠳᠦᠷᠢᠮ ᠢ ᠪᠠᠶᠢᠭᠤᠯᠵᠤ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠦᠷᠭᠦᠯᠵᠢᠯᠡᠨ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ ᠶᠢᠨ ᠬᠠᠮᠤᠭ ᠳᠣᠣᠷ᠎ᠠ ᠪᠠᠷᠢᠮᠵᠢᠶ᠎ᠠ  ᠶᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠠᠷᠠᠭᠠᠯᠵᠠᠯ ᠠᠰᠠᠷᠠᠮᠵᠢ᠂ ᠠᠵᠢᠯ ᠠᠯᠳᠠᠭᠰᠠᠨ ᠪᠠ ᠠᠵᠢᠯ ᠠᠴᠠ ᠪᠣᠯᠤᠭᠰᠠᠨ ᠭᠡᠮᠲᠦᠯ ᠤᠨ ᠪᠠᠲᠤᠯᠠᠭ᠎ᠠ ᠵᠡᠷᠭᠡ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠪᠡ᠃ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠵᠤ᠂ ᠨᠠᠰᠤᠵᠢᠯ ᠤᠨ ᠦᠢᠯᠡᠰ ᠪᠣᠯᠣᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ᠃ ᠨᠠᠰᠤᠲᠠᠨ ᠢ ᠨᠡᠶᠢᠭᠡᠮ ᠲᠣᠭᠤᠷᠢᠭ ᠲᠤ ᠪᠠ ᠭᠡᠷ ᠲᠤᠨᠢ ᠠᠰᠠᠷᠠᠬᠤ ᠦᠢᠯᠡᠴᠢᠯᠡᠭᠡ ᠶᠢ ᠬᠥᠭᠵᠢᠭᠦᠯᠵᠦ᠂ ᠢᠵᠢ ᠪᠦᠷᠢᠳᠦᠭᠦᠯᠬᠦ ᠲᠥᠬᠦᠭᠡᠷᠦᠮᠵᠢ ᠪᠠ ᠰᠠᠭᠠᠳ ᠦᠭᠡᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠠᠶᠢᠯᠢ ᠰᠦᠢᠳᠬᠡᠯ᠂ ᠬᠡᠷᠡᠭᠯᠡᠬᠦ ᠭᠡᠷ ᠪᠠᠶᠢᠰᠢᠩ᠂ ᠤᠰᠤ ᠴᠠᠭᠢᠯᠭᠠᠨ ᠬᠡᠢ ᠶᠢᠨ ᠦᠨ᠎ᠡ ᠬᠠᠩᠰᠢ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠪᠡ᠃ ᠡᠮᠨᠡᠭᠦ ᠪᠠ ᠠᠰᠠᠷᠠᠬᠤ ᠶᠢ ᠤᠶᠠᠯᠳᠤᠭᠤᠯᠬᠤ ᠶᠢ ᠠᠬᠢᠭᠤᠯᠵᠤ᠂ ᠤᠷᠳᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢ ᠯᠠᠪᠳᠠᠭᠤᠨ ᠢᠶᠠᠷ ᠠᠬᠢᠭᠤᠯᠪᠠ᠃ ᠭᠤᠷᠪᠠᠨ ᠬᠡᠦᠬᠡᠳ ᠠᠪᠴᠤ ᠪᠤᠯᠬᠤ ᠦᠷᠡᠵᠢᠯ ᠤᠨ ᠲᠥᠷᠥ  ᠶᠢᠨ ᠪᠣᠳᠣᠯᠭ᠎ᠠ ᠵᠢᠴᠢ ᠢᠵᠢ ᠪᠦᠷᠢᠳᠦᠭᠦᠯᠦᠨ ᠳᠡᠮᠵᠢᠭᠦ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠴᠡᠷᠢᠭ ᠤᠨ ᠠᠯᠪᠠ ᠠᠴᠠ ᠪᠠᠭᠤᠭᠰᠠᠳ ᠤᠨ ᠬᠠᠮᠢᠶᠠᠷᠤᠯᠲᠠ ᠪᠠ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠪᠡ᠃ ᠡᠮᠡᠭᠲᠡᠶᠢᠴᠦᠳ᠂ ᠬᠡᠦᠬᠡᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠪᠠ᠃ ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠪᠡ᠃ ᠵᠡᠮᠳᠡᠭᠴᠦᠳ ᠢ ᠪᠠᠲᠤᠯᠠᠬᠤ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠪᠡ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠵᠦ᠂ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠬᠦᠴᠢᠷᠳᠡᠯ ᠳᠤ ᠤᠴᠠᠷᠠᠭᠰᠠᠨ ᠬᠥᠮᠥᠰ ᠢ ᠴᠠᠭ ᠲᠤᠬᠠᠢ ᠳᠤᠨᠢ ᠬᠠᠪᠰᠤᠷᠤᠨ ᠲᠡᠳᠬᠦᠵᠦ᠂ ᠵᠢᠯ ᠪᠦᠷᠢ ᠳᠤᠮᠳᠠᠴᠢ ᠪᠠᠷ 1100 ᠲᠦᠮᠡᠨ ᠬᠥᠮᠥᠨ ᠤᠳᠠᠭ᠎ᠠ ᠲᠦᠷ ᠴᠠᠭ ᠠᠪᠤᠷᠠᠨ ᠲᠤᠰᠠᠯᠠᠵᠤ᠂ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠡᠷᠡᠰ ᠪᠠᠲᠤ ᠰᠦᠯᠵᠢᠨ ᠪᠠᠬᠢᠯᠡᠪᠡ᠃      ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠪᠡ᠃ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ  ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠪᠡ᠃ ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠬ᠎ᠠ ᠵᠣᠬᠢᠶᠠᠯ ᠤᠷᠠᠯᠢᠭ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠪᠠ ᠳᠠᠩᠰᠠ ᠡᠪᠬᠡᠮᠡᠯ ᠵᠡᠷᠭᠡ ᠶᠢᠨ ᠦᠢᠯᠡᠰ ᠢ ᠬᠥᠭᠵᠢᠭᠦᠯᠵᠦ᠂ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠪᠠ᠃ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠯ ᠢ ᠯᠠᠪᠳᠠᠭᠤᠨ ᠪᠠᠲᠤᠲᠠᠢ ᠠᠬᠢᠭᠤᠯᠪᠠ᠃ ᠤᠯᠠᠨ ᠤᠯᠤᠰ ᠲᠤ ᠤᠯᠠᠮᠵᠢᠯᠠᠨ ᠲᠠᠷᠬᠠᠭᠠᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ᠃ ᠢᠨᠲ᠋ᠧᠷ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ ᠢᠨᠲ᠋ᠧᠷ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠶᠢᠨ ᠰᠢᠨ᠎ᠡ ᠶᠢ ᠡᠭᠦᠳᠪᠡ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠪᠣᠯᠣᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠪᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠣᠯᠠᠨ ᠨᠡᠶᠢᠲᠡ ᠶᠢᠨ ᠨᠣᠮ ᠤᠨ ᠰᠠᠩ᠂ ᠮᠦᠽᠧᠢ᠂ ᠤᠷᠠᠨ ᠵᠢᠷᠤᠭ ᠤᠨ ᠣᠷᠳᠣᠨ᠂ ᠰᠣᠶᠣᠯ ᠤᠨ ᠣᠷᠳᠣᠨ ᠥᠷᠲᠡᠭᠡ ᠶᠢ ᠨᠡᠶᠢᠭᠡᠮ ᠨᠠᠶᠢᠳᠡ ᠳᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠪᠡ᠃ ᠠᠷᠠᠳ ᠨᠠᠶᠢᠳᠡ ᠪᠠᠷ ᠢᠶᠠᠨ ᠨᠣᠮ ᠤᠩᠰᠢᠬᠤ ᠶᠢ ᠭᠦᠨᠵᠡᠭᠡᠢ ᠠᠬᠢᠭᠤᠯᠪᠠ᠃ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠲᠡᠮᠵᠢᠪᠡ᠃ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠲᠠᠮᠢᠷᠴᠢᠳ ᠡᠷᠡᠯᠬᠡᠭᠯᠡᠨ ᠴᠢᠷᠮᠠᠶᠢᠵᠤ ᠰᠢᠯᠢᠳᠡᠭ ᠬᠢᠷᠢ ᠪᠦᠳᠦᠮᠵᠢ ᠣᠯᠵᠤ᠂ ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃      ︵ᠠᠷᠪᠠ︶ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠪᠠ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠭᠦ ᠶᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠠᠵᠢᠯᠯᠠᠭ᠎ᠠ ᠶᠢ ᠬᠠᠤᠯᠢ ᠪᠠᠷ ᠵᠠᠰᠠᠬᠤ ᠵᠠᠮ ᠢᠶᠠᠷ ᠨᠡᠩ ᠰᠠᠶᠢᠨ ᠶᠠᠪᠤᠭᠳᠠᠭᠤᠯᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠶᠡᠭᠡ ᠶᠣᠰᠣ ᠶᠢ ᠲᠦᠮᠡᠨ ᠤ ᠲᠥᠯᠥᠭᠡ ᠪᠤᠯᠭᠠᠵᠤ᠂ ᠬᠠᠤᠯᠢ ᠶᠢ ᠴᠢᠩᠭ᠎ᠠ ᠵᠢᠷᠦᠮᠵᠢᠭᠤᠨ ᠭᠤᠤᠯᠴᠢ ᠪᠣᠯᠪᠠᠰᠤᠨ ᠢᠶᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠡᠷᠬᠡ ᠶᠢ ᠠᠷᠠᠳ ᠲᠦᠮᠡᠨ ᠣᠯᠭᠤᠭᠰᠠᠨ ᠪᠣᠯᠬᠤᠷ᠂ ᠡᠷᠬᠡ ᠠᠳᠬᠤᠭᠠᠳ ᠳᠤᠷ᠎ᠠ ᠪᠠᠷ ᠢᠶᠠᠨ ᠪᠠᠶᠢᠵᠤ ᠪᠤᠯᠬᠤ ᠦᠭᠡᠢ᠂ ᠡᠷᠬᠡ ᠬᠡᠷᠡᠭᠯᠡᠬᠦ ᠳᠡᠭᠡᠨ ᠡᠷᠬᠡᠪᠰᠢ ᠬᠢᠨᠠᠯᠲᠠ ᠬᠦᠯᠢᠶᠡᠬᠦ ᠬᠡᠷᠡᠭᠲᠡᠢ ᠪᠠᠶᠢᠬᠤ ᠶᠢ ᠬᠡᠷᠡᠭᠵᠢᠭᠦᠯᠪᠡ᠃ ᠬᠠᠤᠯᠢ ᠴᠠᠭᠠᠵᠠ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠢ ᠲᠡᠭᠦᠯᠳᠡᠷᠵᠢᠭᠦᠯᠬᠦ ᠶᠢ ᠠᠬᠢᠭᠤᠯᠵᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 50 ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ 180 ᠬᠤᠪᠢ ᠤᠳᠠᠭ᠎ᠠ ᠲᠣᠭᠲᠠᠭᠠᠭᠰᠠᠨ ᠪᠠ ᠵᠠᠰᠠᠨ ᠲᠣᠭᠲᠠᠭᠠᠪᠠ᠃ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠨᠡᠶᠢᠳᠡ ᠶᠢᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠪᠡ᠃ ᠬᠢᠨᠠᠨ ᠪᠣᠳᠣᠯᠲᠠ ᠶᠢᠨ ᠪᠠ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠪᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠰᠢᠪᠠᠳᠠᠨ ᠪᠠᠶᠢᠴᠠᠭᠠᠯᠲᠠ ᠶᠢ ᠥᠷᠨᠢᠭᠦᠯᠪᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠳᠡᠮᠵᠢᠪᠡ᠃      ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠪᠡ᠃ ᠬᠤᠲᠠ ᠶᠢᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ ᠲᠡᠭᠦᠯᠳᠡᠷᠵᠢᠭᠦᠯᠦᠨ᠂ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠰᠢᠯᠢᠳᠡᠭᠵᠢᠭᠦᠯᠪᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠲᠠ᠂ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠵᠡᠷᠭᠡ ᠶᠢᠨ ᠡᠷᠡᠭᠦᠯ ᠢᠶᠠᠷ ᠭᠦᠭᠵᠢᠭᠦ ᠶᠢ ᠲᠡᠮᠵᠢᠪᠡ᠃ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠶᠢ ᠭᠦᠨᠵᠡᠭᠡᠢ ᠠᠬᠢᠭᠤᠯᠪᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠪᠡ᠃ ᠢᠳᠡᠭᠡᠨ ᠤ ᠵᠦᠢᠯ᠂ ᠡᠮ ᠤᠨ ᠵᠦᠢᠯ ᠢᠯᠠᠩᠭᠤᠶ᠎ᠠ ᠸᠠᠺᠼᠢᠨ ᠤ ᠬᠢᠨᠠᠯᠲᠠ ᠬᠠᠮᠢᠶᠠᠷᠤᠯᠲᠠ ᠶᠢ ᠴᠢᠩᠳᠠᠯᠠᠪᠠ᠃ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠪᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠥᠭᠡᠷᠡᠴᠢᠯᠡᠨ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠪᠠ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠦᠶᠡᠷ ᠤᠰᠤᠲᠤᠯ ᠭᠠᠩ ᠬᠠᠭᠰᠠᠷᠠᠭᠠᠨ᠂ ᠣᠢ ᠰᠢᠭᠤᠢ ᠨᠤᠲᠤᠭ ᠪᠡᠯᠴᠢᠭᠡᠷ ᠤᠨ ᠲᠦᠢᠮᠡᠷ᠂ ᠭᠠᠵᠠᠷ ᠤᠨ ᠭᠠᠢ ᠭᠠᠮᠰᠢᠭ᠂ ᠭᠠᠵᠠᠷ ᠬᠥᠳᠡᠯᠦᠯᠲᠡ ᠵᠡᠷᠭᠡ ᠶᠢᠨ ᠰᠡᠷᠭᠡᠶᠢᠯᠡᠯᠲᠡ ᠪᠠ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠪᠡ᠃ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠰᠦᠯᠵᠢᠶ᠎ᠡ᠂ ᠳ᠋ᠠᠶᠢᠲ᠋ᠠ ᠶᠢᠨ ᠠᠮᠤᠷ ᠲᠦᠪᠰᠢᠨ ᠪᠠ ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠪᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠷ᠎ᠠ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠥᠷᠨᠢᠭᠦᠯᠵᠦ ᠂ ᠬᠠᠷ᠎ᠠ ᠬᠠᠷᠭᠢᠰ ᠬᠦᠴᠦᠨ ᠵᠢᠴᠢ ︽ᠥᠮᠥᠭ ᠬᠠᠯᠬᠠᠪᠴᠢ︾ ᠶᠢ ᠨᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠠᠮᠤᠷ ᠠᠮᠤᠭᠤᠯᠠᠩ ᠳᠤᠮᠳᠠᠳᠤ ᠤᠯᠤᠰ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ᠃      ᠲᠥᠯᠥᠭᠡᠯᠡᠭᠴᠢᠳ ᠠ᠋︕      ᠲᠠᠪᠤᠨ ᠵᠢᠯ ᠤᠨ ᠲᠤᠷᠰᠢ᠂ ᠡᠯ᠎ᠡ ᠱᠠᠲᠤᠨ ᠤ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠶᠢᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠤᠯᠭᠤᠷ ᠵᠣᠷᠢᠯᠲᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠰᠢᠨᠲᠠᠷᠠᠰᠢ ᠦᠭᠡᠢ ᠵᠠᠯᠠᠷᠠᠭᠤᠯᠤᠨ ᠵᠠᠰᠠᠵᠤ᠂ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠭᠤᠣᠯᠳᠠᠯᠭ᠎ᠠ ᠲᠠᠢ ᠵᠠᠯᠠᠷᠠᠭᠤᠯᠤᠨ ᠵᠠᠰᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠶᠡᠭᠡ ᠪᠠᠷ ᠪᠠᠭᠠᠰᠬᠠᠨ ᠬᠠᠰᠤᠪᠠ᠃ ᠲᠣᠭᠲᠠᠭᠠᠯ ᠠᠴᠠ ᠵᠥᠷᠢᠴᠡᠨ ᠠᠰᠠᠷ ᠲᠠᠭᠲᠤ ᠲᠠᠩᠬᠢᠮ ᠪᠠᠭᠤᠳᠠᠯ ᠪᠠᠶᠢᠭᠤᠯᠤᠭᠰᠠᠨ ᠪᠠ ᠭᠠᠶᠢᠯᠢ ᠶᠢ ᠳᠠᠷᠤᠵᠤ ᠭᠠᠶᠢᠯᠢ ᠠᠴᠠ ᠵᠠᠶᠢᠯᠠᠭᠰᠠᠨ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠪᠡ᠃ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠪᠠ᠃ ᠵᠠᠰᠠᠭ ᠤᠨ ᠣᠷᠳᠣᠨ ᠤ ᠠᠵᠢᠯᠲᠠᠨ ᠬᠠᠤᠯᠢ ᠴᠠᠭᠠᠵᠠ ᠶᠢᠨ ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃      ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠳᠤ ᠳᠥᠲᠡ ᠵᠠᠮ ᠭᠡᠵᠦ ᠪᠠᠶᠢᠳᠠᠭ ᠦᠭᠡᠢ᠂ ᠪᠣᠳᠠᠲᠠᠢ ᠪᠠᠷ ᠠᠵᠢᠯᠯᠠᠬᠤ ᠨᠢ ᠮᠠᠰᠢ ᠴᠢᠬᠤᠯᠠ ᠶᠤᠮ᠃ ᠲᠠᠪᠤᠨ ᠵᠢᠯ ᠤᠨ ᠲᠤᠷᠰᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠪᠠ᠃ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠤᠴᠢᠷ ᠶᠠᠪᠤᠳᠠᠯ ᠤᠨ ᠡᠮᠦᠨ᠎ᠡ ᠬᠦᠴᠢᠷ ᠲᠦᠪᠡᠭ ᠠᠴᠠ ᠦᠯᠦ ᠡᠮᠢᠶᠡᠨ᠂ ᠠᠵᠢᠯ ᠶᠠᠪᠤᠳᠠᠯ ᠪᠦᠲᠦᠭᠡᠬᠦ ᠳᠡᠭᠡᠨ ᠭᠠᠴᠢᠭ ᠪᠡᠷᠬᠡᠰᠢᠶᠡᠯ ᠠᠴᠠ ᠦᠯᠦ ᠳᠠᠯᠳᠢᠷᠠᠵᠤ᠂ ᠪᠣᠳᠠᠲᠠᠢ ᠠᠵᠢᠯᠯᠠᠬᠤ ᠪᠠᠷ ᠠᠮᠠᠯᠠᠯᠲᠠ ᠪᠠᠨ ᠦᠢᠯᠡᠳᠦᠯᠭᠡᠵᠢᠭᠦᠯᠬᠦ ᠶᠢ ᠱᠠᠭᠠᠷᠳᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠲᠥᠪᠯᠡᠷᠡᠭᠦᠯᠦᠨ ᠬᠥᠭᠵᠢᠯᠲᠡ ᠶᠢ ᠠᠳᠬᠤᠪᠠ︔ ᠠᠷᠠᠳ ᠲᠦᠮᠡᠨ ᠤ ᠬᠦᠰᠡᠯ ᠡᠷᠡᠮᠡᠯᠵᠡᠯ ᠢᠶᠠᠷ ᠵᠠᠰᠠᠭ ᠶᠠᠪᠤᠭᠤᠯᠬᠤ ᠬᠠᠨᠳᠤᠰᠢ ᠪᠤᠯᠭᠠᠵᠤ᠂ ᠠᠷᠠᠳ ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠯᠢᠪᠠ ᠪᠦᠭᠦᠨ ᠳᠤ ᠠᠷᠠᠳ ᠲᠦᠮᠡᠨ ᠤ ᠠᠰᠢᠭ ᠲᠤᠰᠠ ᠶᠢ ᠴᠢᠬᠤᠯᠠᠴᠢᠯᠠᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠨᠢᠮᠪᠠᠢ ᠰᠣᠨᠣᠰᠴᠤ᠂ ᠤᠯᠠᠨ ᠲᠦᠮᠡᠨ ᠤ ᠵᠣᠪᠠᠯ ᠵᠢᠷᠭᠠᠯ ᠢ ᠭᠦᠨᠵᠡᠭᠡᠢ ᠣᠶᠢᠯᠠᠭᠠᠵᠤ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ︔ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠪᠤᠰᠤᠳᠴᠢ ᠵᠢᠮ᠎ᠡ ᠶᠣᠰᠣ ᠶᠢ ᠬᠦᠨᠳᠦᠳᠬᠡᠨ᠂ ᠬᠡᠢ ᠬᠤᠭᠤᠰᠤᠨ ᠶᠠᠷᠢᠵᠤ ᠣᠩᠭᠢᠷᠠᠬᠤ᠂ ᠥᠩᠭᠡᠪᠴᠢ ᠠᠵᠢᠯ ᠬᠢᠬᠦ᠂ ᠳᠦᠷᠢ ᠲᠥᠷᠬᠦ ᠶᠢᠨ ᠢᠨᠵᠧᠨᠧᠷᠢᠩ ᠬᠢᠬᠦ ᠴᠢᠨᠠᠭᠰᠢᠯᠠᠪᠠᠯ ᠰᠣᠬᠤᠷ ᠪᠠᠯᠠᠢ ᠪᠠᠷ ᠠᠵᠢᠯᠯᠠᠬᠤ ᠶᠢ ᠡᠷᠡᠰ ᠡᠰᠡᠷᠭᠦᠴᠡᠪᠡ︔ ᠥᠭᠡᠷᠡᠴᠢᠯᠡᠯᠲᠡ ᠶᠢᠨ ᠠᠷᠭ᠎ᠠ ᠪᠠ ᠰᠢᠨᠲᠠᠷᠠᠰᠢ ᠦᠭᠡᠢ ᠵᠣᠷᠢᠭ ᠰᠠᠨᠠᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠨ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠵᠤ᠂ ᠵᠠᠰᠠᠭ ᠤᠨ ᠠᠵᠢᠯ ᠳᠤ ᠦᠬᠡᠨᠴᠡ ᠵᠠᠯᠬᠠᠭᠤ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠪᠡ᠃ ᠠᠷᠠᠳ ᠣᠯᠠᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠭᠡᠵᠦ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠬᠤ ᠶᠢᠨ ᠤᠯᠠᠮ ᠠᠴᠠ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠪᠠ᠃      ᠲᠥᠯᠥᠭᠡᠯᠡᠭᠴᠢᠳ ᠠ᠋︕      ᠥᠩᠭᠡᠷᠡᠭᠰᠡᠨ ᠲᠠᠪᠤᠨ ᠵᠢᠯ ᠳᠤ᠂ ᠦᠨᠳᠦᠰᠦᠲᠡᠨ᠂ ᠱᠠᠰᠢᠨ ᠰᠤᠷᠲᠠᠬᠤᠨ᠂ ᠬᠠᠷᠢᠶᠠᠲᠤ ᠨᠠᠷ ᠤᠨ ᠶᠠᠪᠤᠳᠠᠯ ᠵᠡᠷᠭᠡ ᠶᠢᠨ ᠠᠵᠢᠯ ᠢ ᠰᠢᠨ᠎ᠡ ᠶᠢ ᠡᠭᠦᠳᠦᠨ ᠲᠡᠭᠦᠯᠳᠡᠷᠵᠢᠭᠦᠯᠪᠡ᠃ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠳᠤ ᠰᠢᠨ᠎ᠡ ᠪᠠᠶᠢᠳᠠᠯ ᠢᠯᠡᠷᠡᠪᠡ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠲᠤᠭᠤᠰᠢᠯᠠᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠯᠳᠡ ᠶᠢ ᠠᠯᠬᠤᠮ ᠠᠯᠬᠤᠮ ᠢᠶᠠᠷ ᠭᠦᠨᠵᠡᠭᠡᠶᠢᠷᠡᠭᠦᠯᠬᠦ ᠶᠢ ᠠᠬᠢᠭᠤᠯᠪᠠ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠤᠨ ᠡᠬᠡ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠠᠪᠤᠴᠠ ᠳᠠᠬᠢ ᠥᠪᠡᠷᠮᠢᠴᠡ ᠳᠠᠪᠠᠭᠤᠯᠢᠭ ᠪᠠ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠪᠠ᠃      ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠠᠯᠢ ᠤᠯᠠᠨ ᠴᠢᠬᠤᠯᠠ ᠶᠡᠭᠡ ᠰᠢᠨ᠎ᠡ ᠠᠮᠵᠢᠯᠲᠠ ᠪᠦᠲᠦᠮᠵᠢ ᠶᠢ ᠣᠯᠵᠤ᠂ ᠠᠯᠢ ᠤᠯᠠᠨ ᠴᠢᠬᠤᠯᠠ ᠶᠡᠭᠡ ᠬᠤᠪᠢᠰᠤᠯᠲᠠ ᠭᠠᠷᠪᠠ᠃ ᠠᠷᠠᠳ ᠤᠨ ᠴᠡᠷᠢᠭ ᠠᠩᠭᠢ ᠤᠯᠤᠰ ᠲᠥᠷᠥ ᠪᠠᠷ ᠴᠡᠷᠢᠭ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠶᠣᠰᠣᠭᠠᠷ ᠴᠡᠷᠢᠭ ᠢ ᠵᠠᠰᠠᠬᠤ ᠶᠢ ᠭᠦᠨᠵᠡᠭᠡᠢ ᠠᠬᠢᠭᠤᠯᠵᠤ᠂ ᠴᠡᠷᠢᠭ ᠪᠤᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠭᠦᠨᠵᠡᠭᠡᠢ ᠠᠬᠢᠭᠤᠯᠤᠨ᠂ ᠣᠳᠣᠬᠢᠴᠢᠯᠠᠯᠲᠠ ᠶᠢᠨ ᠬᠢᠷᠢ ᠬᠡᠮᠵᠢᠶ᠎ᠡ ᠪᠠ ᠪᠣᠳᠠᠲᠤ ᠪᠠᠶᠢᠯᠳᠤᠭᠠᠨ ᠤ ᠴᠢᠳᠠᠪᠤᠷᠢ ᠨᠢ ᠢᠯᠡᠳᠲᠡ ᠳᠡᠭᠡᠭᠰᠢᠯᠡᠪᠡ ᠃ ᠴᠡᠷᠢᠭ ᠤᠨ ᠶᠠᠪᠤᠳᠠᠯ ᠤᠨ ᠲᠡᠮᠡᠴᠡᠯ ᠢ ᠡᠷᠡᠰ ᠪᠠᠲᠤ ᠪᠥᠭᠡᠳ ᠠᠮᠢᠳᠤᠯᠢᠭ ᠢᠶᠠᠷ ᠥᠷᠨᠢᠭᠦᠯᠵᠦ᠂ ᠬᠢᠯᠢ ᠶᠢᠨ ᠬᠠᠮᠠᠭᠠᠯᠠᠯᠲᠠ ᠶᠢᠨ ᠲᠡᠮᠡᠴᠡᠯ ᠬᠢᠬᠦ᠂ ᠳᠠᠯᠠᠶ ᠳᠡᠭᠡᠷᠡᠬᠢ ᠡᠷᠬᠡ ᠪᠠᠨ ᠬᠠᠮᠠᠭᠠᠯᠠᠬᠤ᠂ ᠰᠦᠷᠳᠡᠭᠦᠯᠦᠯ ᠢ ᠡᠰᠡᠷᠭᠦᠴᠡᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯ ᠠᠴᠠ ᠠᠪᠤᠷᠠᠵᠤ ᠭᠠᠮᠰᠢᠭ ᠠᠴᠠ ᠲᠡᠩᠬᠡᠷᠡᠭᠦᠯᠬᠦ᠂ ᠬᠢᠵᠢᠭ ᠢ ᠡᠰᠡᠷᠭᠦᠴᠡᠬᠦ᠂ ᠡᠩᠬᠡ ᠲᠠᠶᠢᠪᠤᠩ ᠢ ᠬᠠᠮᠠᠭᠠᠯᠠᠵᠤ ᠠᠶᠠᠯᠠᠯ ᠢ ᠬᠠᠮᠠᠭᠠᠯᠠᠬᠤ ᠵᠡᠷᠭᠡ ᠴᠢᠬᠤᠯᠠ ᠶᠡᠭᠡ ᠡᠭᠦᠷᠭᠡ ᠶᠢ ᠪᠦᠲᠦᠮᠵᠢᠲᠡᠶ ᠭᠦᠢᠴᠡᠳᠬᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠦᠴᠦᠲᠡᠢ ᠬᠠᠮᠠᠭᠠᠯᠠᠪᠠ᠃      ᠰᠢᠶᠠᠩᠭᠠᠩ ᠣᠣᠮᠧᠨ ᠲᠠᠶᠢᠸᠠᠨ ᠤ ᠠᠵᠢᠯ ᠰᠢᠨ᠎ᠡ ᠠᠬᠢᠴᠠ ᠲᠠᠢ ᠪᠣᠯᠪᠠ᠃ ᠦᠨᠳᠦᠰᠦᠨ ᠬᠠᠤᠯᠢ ᠪᠣᠯᠣᠨ ᠭᠤᠣᠯ ᠬᠠᠤᠯᠢ ᠶᠢᠨ ᠶᠣᠰᠣᠭᠠᠷ ᠵᠠᠰᠠᠭ ᠵᠠᠬᠢᠷᠭᠠᠨ ᠤ ᠣᠨᠴᠠᠭᠠᠶ ᠣᠷᠣᠨ ᠢ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠪᠠᠨ ᠪᠦᠲᠦᠮᠵᠢᠲᠡᠶ ᠬᠡᠷᠡᠭᠵᠢᠭᠦᠯᠵᠦ᠂ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠶᠢ ᠲᠣᠭᠲᠠᠭᠠᠨ ᠬᠡᠷᠡᠭᠵᠢᠭᠦᠯᠵᠦ᠂ ︽ᠡᠬᠡ ᠣᠷᠣᠨᠴᠢ ᠬᠥᠮᠥᠰ ᠢᠶᠠᠷ ᠰᠢᠶᠠᠩᠭᠠᠩ ᠢ ᠵᠠᠰᠠᠭᠤᠯᠬᠤ︾᠂ ︽ᠡᠬᠡ ᠣᠷᠣᠨᠴᠢ ᠬᠥᠮᠥᠰ ᠢᠶᠠᠷ ᠣᠣᠮᠧᠨ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠤᠭᠠᠳ᠂ ᠰᠢᠶᠠᠩᠭᠠᠩ ᠤᠨ ᠰᠠᠮᠠᠭᠤᠷᠠᠯ ᠠᠴᠠ ᠵᠠᠰᠠᠯᠲᠠ ᠳᠤ ᠭᠦᠷᠦᠭᠰᠡᠨ ᠠᠴᠠ ᠪᠠᠨ ᠵᠠᠰᠠᠯᠲᠠ ᠠᠴᠠ ᠪᠠᠳᠠᠷᠠᠯ ᠳᠤ ᠬᠦᠷᠬᠦ ᠰᠢᠨ᠎ᠡ ᠱᠠᠲᠤ ᠦᠶ᠎ᠡ ᠳᠤ ᠣᠷᠣᠬᠤ ᠶᠢ ᠠᠬᠢᠭᠤᠯᠪᠠ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠢᠵᠢᠭ ᠢ ᠰᠡᠷᠭᠡᠶᠢᠯᠡᠨ ᠬᠢᠵᠠᠭᠠᠷᠯᠠᠬᠤ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠲᠡᠮᠵᠢᠪᠡ ᠃ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠲᠤᠭᠤᠰᠢᠯᠠᠭᠤᠯᠵᠤ᠂ ᠬᠠᠭᠠᠴᠠᠭᠤᠯᠬᠤ ᠶᠢ ᠡᠰᠡᠷᠭᠦᠴᠡᠬᠦ᠂ ᠭᠠᠷ ᠲᠦᠷᠦᠭᠦ ᠶᠢ ᠡᠰᠡᠷᠭᠦᠴᠡᠬᠦ ᠴᠢᠬᠤᠯᠠ ᠶᠡᠭᠡ ᠲᠡᠮᠡᠴᠡᠯ ᠢ ᠡᠷᠡᠰ ᠥᠷᠨᠢᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭᠠᠨ ᠤ ᠨᠠᠶᠢᠷᠠᠮᠳᠠᠯ ᠢᠶᠠᠷ ᠭᠦᠭᠵᠢᠭᠦ ᠶᠢ ᠦᠷᠭᠦᠯᠵᠢᠯᠡᠨ ᠠᠬᠢᠭᠤᠯᠪᠠ᠃      ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠠᠬᠢᠭᠤᠯᠪᠠ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ ᠬᠥᠮᠥᠰ ᠤᠯᠠᠨ ᠤᠯᠤᠰ ᠲᠤ ᠠᠶᠢᠯᠴᠢᠯᠠᠯᠳᠡ ᠬᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ ᠭᠡᠯᠪᠡᠷᠢ ᠪᠠᠷ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 75 ᠵᠢᠯ ᠤᠨ ᠤᠢ ᠶᠢᠨ ᠰᠢᠷᠢᠰ ᠳᠡᠭᠡᠳᠦ ᠳᠡᠰ ᠤᠨ ᠬᠤᠷᠠᠯ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ᠂ ᠳᠤᠮᠳᠠᠳᠤ ᠡᠸᠦ᠋ᠷᠦᠫᠡ ᠶᠢᠨ ᠤᠳᠤᠷᠢᠳᠬᠤ ᠬᠥᠮᠥᠰ ᠤᠨ ᠠᠭᠤᠯᠵᠠᠯᠲᠠ ᠵᠡᠷᠭᠡ ᠠᠯᠢ ᠤᠯᠠᠨ ᠴᠢᠬᠤᠯᠠ ᠶᠡᠭᠡ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠳᠤ ᠣᠷᠣᠯᠴᠠᠪᠠ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠴᠢᠩᠳᠣᠣ ᠳᠠᠬᠢ ᠲᠦᠷᠦᠭᠦᠴᠦᠳ ᠤᠨ ᠬᠤᠷᠠᠯ᠂ BRICS ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠯᠴᠠᠭᠠᠨ ᠤ ᠬᠤᠷᠠᠯ᠂ ︽ᠨᠢᠭᠡ ᠪᠦᠰᠡ ᠨᠢᠭᠡ ᠵᠠᠮ ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠵᠡᠷᠭᠡ ᠤᠯᠠᠨ ᠤᠳᠠᠭᠠᠨ ᠤ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠵᠣᠷᠢᠭᠲᠠᠢ ᠪᠠᠷ ᠲᠡᠮᠡᠴᠡᠯ ᠬᠢᠬᠦ᠂ ᠴᠢᠳᠠᠮᠠᠭᠠᠢ ᠪᠠᠷ ᠲᠡᠮᠡᠴᠡᠯ ᠬᠢᠬᠦ ᠶᠢ ᠪᠠᠷᠢᠮᠲᠠᠯᠠᠵᠤ᠂ ᠮᠠᠨ ᠤ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠪᠠ᠃ ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠢᠳᠡᠪᠬᠢᠲᠡᠢ ᠥᠷᠭᠡᠳᠬᠡᠵᠦ᠂ ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠤᠯᠠᠨ ᠲᠠᠯᠠᠲᠤ ᠦᠵᠡᠯ ᠢ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠪᠠ᠃ ᠳᠤᠮᠳᠠᠳᠤ ᠤᠯᠤᠰ ᠬᠠᠷᠢᠭᠤᠴᠠᠯᠭ᠎ᠠ ᠲᠠᠢ ᠲᠣᠮᠣ ᠤᠯᠤᠰ ᠪᠣᠯᠤᠭᠰᠠᠨ ᠤ ᠬᠤᠪᠢ ᠳᠤ᠂ ᠣᠯᠠᠨ ᠤᠯᠤᠰ ᠤᠨ ᠬᠢᠵᠢᠭ ᠢ ᠡᠰᠡᠷᠭᠦᠴᠡᠬᠦ ᠬᠠᠮᠲᠤᠷᠠᠯᠴᠠᠭ᠎ᠠ ᠶᠢ ᠠᠬᠢᠭᠤᠯᠬᠤ᠂ ᠪᠦᠭᠦ ᠪᠥᠮᠪᠥᠷᠴᠡᠭ ᠤᠨ ᠴᠢᠨᠠᠷᠲᠠᠢ ᠰᠢᠯᠭᠠᠯᠲᠠ ᠪᠣᠯᠣᠨ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠴᠢᠬᠤᠯᠠ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃      ᠲᠥᠯᠥᠭᠡᠯᠡᠭᠴᠢᠳ ᠠ᠋︕      ᠡᠳᠡᠭᠡᠷ ᠵᠢᠯ ᠤᠳ ᠲᠤ ᠮᠠᠨ ᠤ ᠤᠯᠤᠰ ᠤᠨ ᠬᠥᠭᠵᠢᠯᠲᠡ ᠶᠢᠨ ᠣᠯᠣᠭᠰᠠᠨ ᠠᠮᠵᠢᠯᠲᠠ ᠪᠦᠲᠦᠮᠵᠢ ᠪᠣᠯ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠪᠠᠷ ᠵᠢᠯᠣᠭᠤᠳᠤᠭᠰᠠᠨ ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ ᠪᠣᠯᠣᠨ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠬᠥᠭᠵᠢᠯᠲᠡ ᠶᠢᠨ ᠠᠮᠵᠢᠯᠲᠠ ᠪᠦᠳᠦᠮᠵᠢ ᠶᠢ ᠣᠯᠵᠤ ᠬᠠᠷᠠᠬᠤ ᠶᠢᠨ ᠬᠠᠮᠲᠤ ᠪᠢᠳᠡ ᠪᠠᠰᠠ ᠮᠠᠨ ᠤ ᠤᠯᠤᠰ ᠪᠣᠯ ᠨᠢᠭᠡᠨ ᠬᠥᠭᠵᠢᠵᠦ ᠪᠠᠶᠢᠭ᠎ᠠ ᠲᠣᠮᠣ ᠤᠯᠤᠰ ᠮᠥᠨ᠂ ᠮᠥᠨ ᠯᠡ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠣᠷᠣᠰᠢᠵᠤ᠂ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠯᠡ ᠲᠣᠪᠣᠶᠢᠮ᠎ᠠ ᠪᠠᠶᠢᠨ᠎ᠠ ᠭᠡᠳᠡᠭ ᠢ ᠰᠡᠷᠭᠡᠭ ᠢᠶᠠᠷ ᠲᠠᠨᠢᠵᠤ ᠣᠯᠪᠠ᠃ ᠣᠳᠣᠬᠠᠨ ᠤ ᠬᠥᠭᠵᠢᠯᠲᠡ ᠳᠤ ᠮᠠᠰᠢ ᠤᠯᠠᠨ ᠬᠦᠴᠢᠷ ᠪᠡᠷᠬᠡᠰᠢᠶᠡᠯ ᠪᠠ ᠰᠢᠯᠭᠠᠯᠲᠠ ᠲᠤᠯᠭᠠᠷᠠᠵᠤ ᠪᠠᠶᠢᠨ᠎ᠠ᠃ ᠭᠠᠳᠠᠭᠠᠳᠤ ᠣᠷᠴᠢᠨ ᠨᠥᠬᠦᠴᠡᠯ ᠤᠨ ᠮᠠᠭᠠᠳ ᠪᠤᠰᠤ ᠴᠢᠨᠠᠷ ᠶᠡᠬᠡᠰᠴᠦ᠂ ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠪᠠᠶᠢᠳᠠᠯ ᠮᠥᠨ ᠬᠡᠴᠡᠭᠦᠦ ᠪᠠᠶᠢᠵᠤ᠂ ᠳᠡᠯᠡᠬᠡᠢ ᠶᠢᠨ ᠠᠵᠤ ᠠᠬᠤᠢ ᠪᠣᠯᠣᠨ ᠠᠷᠠᠯᠵᠢᠶᠠᠨ ᠤ ᠨᠡᠮᠡᠭᠳᠡᠯ ᠤᠨ ᠬᠥᠳᠡᠯᠭᠡᠭᠴᠢ ᠡᠨᠧᠷᠭᠢ ᠪᠠᠭᠤᠷᠠᠵᠤ᠂ ᠭᠠᠳᠠᠨ᠎ᠠ ᠠᠴᠠ ᠢᠷᠡᠬᠦ ᠳᠠᠷᠤᠯᠲᠠ ᠬᠤᠷᠢᠭᠯᠠᠯᠲᠠ ᠲᠠᠰᠤᠷᠠᠯᠳᠠ ᠦᠭᠡᠢ ᠰᠢᠷᠦᠭᠦᠰᠴᠦ ᠪᠠᠶᠢᠨ᠎ᠠ᠃ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠨᠡᠮᠡᠭᠳᠡᠯ ᠤᠨ ᠲᠣᠭᠲᠠᠪᠤᠷᠢᠵᠢᠨ ᠰᠠᠶᠢᠵᠢᠷᠠᠬᠤ ᠰᠠᠭᠤᠷᠢ ᠶᠢ ᠪᠠᠰᠠ ᠪᠠᠲᠤᠳᠬᠠᠬᠤ ᠴᠢᠬᠤᠯᠠᠲᠠᠢ ᠪᠠᠶᠢᠵᠤ᠂ ᠬᠡᠷᠡᠭᠴᠡᠭᠡ ᠬᠦᠷᠦᠯᠴᠡᠬᠦ ᠦᠭᠡᠢ ᠪᠠᠶᠢᠬᠤ ᠨᠢ ᠮᠥᠨ ᠬᠦ ᠲᠣᠪᠣᠶᠢᠮ᠎ᠠ ᠵᠥᠷᠢᠴᠡᠯ ᠪᠣᠯᠵᠤ᠂ ᠠᠷᠠᠳ ᠤᠨ ᠪᠡᠯᠡ ᠣᠷᠣᠭᠤᠯᠤᠯᠲᠠ ᠪᠣᠯᠣᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠢᠱᠢᠯᠲᠡ ᠲᠣᠭᠲᠠᠭᠤᠨ ᠪᠤᠰᠤ ᠪᠠᠶᠢᠵᠤ᠂ ᠴᠥᠭᠡᠨ ᠪᠤᠰᠤ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠨᠡᠯᠢᠶᠡᠳ ᠶᠡᠭᠡ ᠬᠦᠴᠢᠷᠳᠡᠯ ᠳᠤ ᠲᠤᠯᠭᠠᠷᠠᠵᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠡᠭᠦᠷᠭᠡ ᠬᠠᠲᠠᠭᠤ ᠪᠡᠷᠬᠡ ᠪᠣᠯᠵᠤ᠂ ᠵᠠᠷᠢᠮ ᠦᠨᠳᠦᠰᠦᠨ ᠱᠠᠲᠤᠨ ᠤ ᠤᠷᠤᠯᠭ᠎ᠠ ᠵᠠᠷᠤᠯᠭ᠎ᠠ ᠶᠢᠨ ᠵᠥᠷᠢᠴᠡᠯ ᠨᠡᠯᠢᠶᠡᠳ ᠶᠡᠭᠡ ᠪᠠᠶᠢᠨ᠎ᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠦᠭᠰᠢᠭᠦᠷᠢ ᠶᠢᠨ ᠳᠠᠯᠳᠠ ᠭᠡᠮ ᠨᠡᠯᠢᠶᠡᠳ ᠣᠯᠠᠨ ᠪᠠᠶᠢᠵᠤ᠂ ᠵᠠᠷᠢᠮ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠢᠯᠡᠷᠡᠨ ᠭᠠᠷᠪᠠ᠃ ᠬᠥᠭᠵᠢᠯᠲᠡ ᠳᠤ ᠮᠥᠨ ᠯᠡ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠴᠥᠭᠡᠨ ᠪᠤᠰᠤ ᠣᠷᠣᠰᠢᠵᠤ ᠪᠠᠶᠢᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠰᠠ ᠴᠢᠩᠭ᠎ᠠ ᠪᠢᠰᠢ ᠪᠠᠶᠢᠨ᠎ᠠ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠨ᠎ᠠ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠳᠤ ᠮᠥᠨ ᠢᠯᠡᠳᠲᠡ ᠪᠠᠭᠤᠷᠠᠢ ᠭᠤᠭᠴᠤᠭ᠎ᠠ ᠣᠷᠣᠰᠢᠵᠤ ᠪᠠᠶᠢᠨ᠎ᠠ᠃ ᠠᠷᠠᠳ ᠤᠨ ᠠᠮᠢᠳᠤᠷᠠᠯ ᠤᠨ ᠬᠦᠷᠢᠶᠡᠨ ᠳᠤ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠃ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠦᠵᠡᠭᠳᠡᠯ ᠮᠥᠨ ᠨᠡᠯᠢᠶᠡᠳ ᠲᠣᠪᠣᠶᠢᠮ᠎ᠠ ᠪᠠᠶᠢᠵᠤ᠂ ᠵᠠᠷᠢᠮ ᠭᠠᠵᠠᠷ ᠣᠷᠣᠨ ᠤ ᠬᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠡᠭᠡᠨ ᠪᠦᠭᠦᠳᠡ ᠶᠢ ᠨᠢᠭᠡ ᠯᠡ ᠪᠠᠷᠢᠮᠵᠢᠶ᠎ᠠ ᠪᠠᠷ ᠱᠠᠭᠠᠷᠳᠠᠵᠤ᠂ ᠱᠠᠲᠤ ᠱᠠᠲᠤ ᠪᠠᠷ ᠨᠥᠬᠦᠴᠡᠯ ᠨᠡᠮᠡᠵᠦ ᠪᠠᠶᠢᠨ᠎ᠠ᠂ ᠵᠠᠷᠢᠮ ᠺᠠᠳ᠋ᠷ ᠠᠵᠢᠯ ᠬᠢᠬᠦ ᠦᠭᠡᠢ᠂ ᠳᠤᠷ᠎ᠠ ᠪᠠᠷ ᠢᠶᠠᠨ ᠦᠢᠯᠡᠳᠭᠦ᠂ ᠳᠥᠭᠦᠮᠴᠢᠯᠡᠬᠦ ᠪᠠᠶᠢᠳᠠᠯ ᠲᠠᠢ ᠪᠠᠶᠢᠵᠤ᠂ ᠪᠣᠳᠠᠲᠤ ᠪᠠᠶᠢᠳᠠᠯ ᠠᠴᠠ ᠰᠠᠯᠤᠩᠭᠢᠷᠠᠬᠤ᠂ ᠤᠯᠠᠨ ᠲᠦᠮᠡᠨ ᠤ ᠬᠦᠰᠡᠯ ᠰᠠᠨᠠᠭ᠎ᠠ ᠠᠴᠠ ᠲᠡᠷᠰᠯᠡᠬᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠯᠦ ᠬᠠᠶᠢᠬᠤᠷᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠵᠠᠷᠢᠮ ᠬᠦᠷᠢᠶ᠎ᠡ᠂ ᠠᠵᠢᠯ ᠲᠦᠷᠦᠯ᠂ ᠣᠷᠣᠨ ᠨᠤᠲᠤᠭ ᠲᠤ ᠢᠯᠵᠢᠷᠡᠮᠡᠯ ᠦᠵᠡᠭᠳᠡᠯ ᠪᠠᠶᠢᠨ ᠪᠠᠶᠢᠨ ᠭᠠᠷᠴᠤ ᠪᠠᠶᠢᠨ᠎ᠠ᠃ ᠵᠠᠰᠠᠭ ᠤᠨ ᠣᠷᠳᠣᠨ ᠤ ᠠᠵᠢᠯ ᠳᠤ ᠠᠷᠠᠳ ᠤᠯᠠᠨ ᠪᠠᠰᠠ ᠵᠠᠷᠢᠮ ᠰᠠᠨᠠᠯ ᠪᠠ ᠰᠠᠨᠠᠭᠤᠯᠭ᠎ᠠ ᠪᠠᠶᠢᠬᠤ ᠶᠢ ᠴᠢᠬᠤᠯᠠᠴᠢᠯᠠᠨ ᠦᠵᠡᠬᠦ ᠬᠡᠷᠡᠭᠲᠡᠢ᠃ ᠠᠰᠠᠭᠤᠳᠠᠯ ᠪᠠ ᠰᠢᠯᠭᠠᠯᠲᠠ ᠳᠤ ᠰᠢᠭᠤᠳ ᠬᠠᠨᠳᠤᠨ᠂ ᠪᠦᠭᠦ ᠰᠡᠳᠬᠢᠯ ᠪᠦᠭᠦ ᠴᠢᠳᠠᠯ ᠢᠶᠠᠷ ᠢᠶᠠᠨ ᠵᠠᠰᠠᠭ ᠤᠨ ᠣᠷᠳᠣᠨ ᠤ ᠠᠵᠢᠯ ᠢ ᠰᠠᠶᠢᠵᠢᠷᠠᠭᠤᠯᠵᠤ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃      ᠬᠤᠶᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠲᠤᠬᠠᠢ ᠰᠠᠨᠠᠭᠤᠯᠭ᠎ᠠ      ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠳᠡ ᠶᠢᠨ ᠵᠢᠯ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠂ ᠵᠠᠬ᠎ᠠ ᠳᠡᠯᠭᠡᠭᠦᠷ ᠤᠨ ᠢᠲᠡᠭᠡᠯ ᠢ ᠶᠡᠭᠡ ᠪᠠᠷ ᠬᠥᠪᠴᠢᠯᠡᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠯᠦᠭᠡ ᠣᠷᠭᠠᠨᠢᠭ ᠢᠶᠠᠷ ᠤᠶᠠᠯᠳᠤᠭᠤᠯᠵᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠠᠵᠢᠯ ᠢ ᠲᠣᠪᠤᠶᠢᠯᠭᠠᠨ ᠰᠠᠶᠢᠲᠤᠷ ᠬᠢᠵᠦ᠂ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠵᠤ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠭᠢᠯᠡᠯᠲᠡ ᠤᠷᠤᠭᠰᠢᠲᠠᠢ ᠭᠠᠷᠤᠭ᠎ᠠ ᠰᠠᠶᠢᠲᠠᠢ ᠪᠠᠶᠢᠯᠭᠠᠬᠤ ᠬᠡᠷᠡᠭᠲᠡᠢ᠃      ᠡᠨᠡ ᠵᠢᠯ ᠤᠨ ᠬᠥᠭᠵᠢᠯᠲᠡ ᠶᠢᠨ ᠭᠤᠣᠯ ᠭᠤᠣᠯ ᠵᠢᠱᠢᠭᠰᠡᠨ ᠬᠠᠷᠠᠯᠲᠠ ᠭᠡᠪᠡᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠢ 5% ᠣᠷᠴᠢᠮ ᠨᠡᠮᠡᠭᠳᠡᠭᠦᠯᠦᠨ᠎ᠡ︔ ᠬᠤᠳᠠ ᠪᠠᠯᠭᠠᠰᠤᠨ ᠳᠤ ᠠᠵᠢᠯ ᠣᠯᠣᠭᠰᠠᠨ ᠬᠥᠮᠥᠨ ᠢ 1200 ᠲᠦᠮᠡ ᠣᠷᠴᠢᠮ ᠰᠢᠨ᠎ᠡ ᠪᠠᠷ ᠨᠡᠮᠡᠭᠳᠡᠭᠦᠯᠵᠦ᠂ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠵᠢᠭᠳᠡ ᠪᠠᠶᠢᠯᠭᠠᠨ᠎ᠠ︔ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠲᠣᠭᠲᠠᠭᠤᠨ ᠪᠠᠶᠢᠳᠠᠯ ᠢ ᠠᠬᠢᠭᠤᠯᠤᠨ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ ᠠᠮᠤ ᠪᠤᠳᠠᠭᠠᠨ ᠤ ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ ᠤᠨ ᠡᠨᠧᠷᠭᠢ ᠶᠢᠨ ᠬᠤᠷᠣᠭᠳᠠᠭᠤᠯᠤᠯ ᠪᠣᠯᠣᠨ ᠭᠤᠣᠯ ᠪᠤᠯᠬᠤ ᠪᠣᠬᠢᠷᠲᠤᠭᠤᠯᠬᠤ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠵᠤ᠂ ᠴᠢᠯᠠᠭᠤᠵᠢᠮᠠᠯ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠭᠤᠣᠯᠳᠠᠯᠭ᠎ᠠ ᠲᠠᠢ ᠬᠢᠵᠠᠭᠠᠷᠯᠠᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠲᠣᠭᠲᠠᠭᠤᠨ ᠢᠶᠠᠷ ᠰᠠᠶᠢᠵᠢᠷᠠᠭᠤᠯᠤᠨ᠎ᠠ᠃      ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠪᠠᠷ ᠴᠢᠷᠮᠠᠶᠢᠬᠤ ᠶᠢ ᠪᠠᠷᠢᠮᠲᠠᠯᠠᠨ᠂ ᠪᠠᠶᠢᠯᠳᠤᠬᠤ ᠪᠣᠳᠣᠯᠭ᠎ᠠ ᠶᠢᠨ ᠳᠤᠭᠢᠶᠠᠯ ᠪᠣᠯᠣᠨ ᠲᠦᠭᠰᠢᠭᠦᠷᠢ ᠰᠢᠯᠭᠠᠯᠲᠠ ᠵᠡᠷᠭᠡ ᠪᠠᠷ ᠣᠷᠣᠰᠢᠵᠤ᠂ ᠮᠠᠭᠠᠳ ᠪᠤᠰᠤ ᠪᠠ ᠲᠥᠰᠥᠭᠡᠯᠡᠬᠦᠶ᠎ᠡ ᠪᠡᠷᠬᠡ ᠬᠦᠴᠦᠨ ᠵᠦᠢᠯ ᠤᠳ ᠨᠡᠮᠡᠭᠳᠡᠵᠦ ᠪᠠᠶᠢᠭ᠎ᠠ ᠪᠠᠶᠢᠳᠠᠯ ᠤᠨ ᠡᠮᠦᠨ᠎ᠡ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ᠂ ᠲᠣᠭᠲᠠᠪᠤᠷᠢᠲᠤ ᠴᠢᠨᠠᠷ ᠪᠠ ᠬᠠᠨᠳᠤᠯᠭᠠᠲᠤ ᠴᠢᠨᠠᠷ ᠢ ᠪᠠᠲᠤᠯᠠᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠨᠡᠶᠢᠯᠡᠯ ᠬᠦᠴᠦᠨ ᠢ ᠪᠦᠷᠢᠯᠳᠦᠭᠦᠯᠦᠨ᠎ᠡ᠃ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠤᠨ᠎ᠠ᠃ ᠤᠯᠠᠭᠠᠨ ᠲᠤᠭ᠎ᠠ ᠶᠢᠨ ᠨᠤᠷᠮ᠎ᠠ ᠶᠢ 3% ᠪᠠᠷ ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠣᠳᠣ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠭᠠᠶᠢᠯᠢ ᠪᠤᠴᠠᠭᠠᠬᠤ ᠭᠠᠶᠢᠯᠢ ᠬᠤᠶᠢᠰᠢᠯᠠᠭᠤᠯᠬᠤ ᠵᠡᠷᠭᠡ ᠠᠷᠭ᠎ᠠ ᠬᠡᠮᠵᠢᠶ᠎ᠡ ᠶᠢᠨ ᠦᠷᠭᠦᠯᠵᠢᠯᠡᠭᠦᠯᠬᠦ ᠶᠣᠰᠣᠲᠠᠢ ᠶᠢ ᠨᠢ ᠦᠷᠭᠦᠯᠵᠢᠯᠡᠭᠦᠯᠵᠦ᠂ ᠰᠢᠯᠢᠳᠡᠭᠵᠢᠭᠦᠯᠬᠦ ᠴᠢᠬᠤᠯᠠᠲᠠᠢ ᠶᠢ ᠨᠢ ᠰᠢᠯᠢᠳᠡᠭᠵᠢᠭᠦᠯᠦᠨ᠎ᠡ᠃ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠠᠵᠢᠯ ᠢ ᠰᠠᠶᠢᠲᠤᠷ ᠬᠢᠨ᠎ᠡ᠃ ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠠᠶᠢᠯᠭᠠᠨ᠎ᠠ᠃ ᠳᠡᠯᠭᠡᠷᠡᠩᠭᠦᠢ ᠤᠳᠬ᠎ᠠ ᠶᠢᠨ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠪᠠ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠶᠢᠨ ᠨᠡᠮᠡᠭᠳᠡᠯ ᠤᠨ ᠬᠤᠷᠳᠤᠴᠠ ᠶᠢ ᠨᠡᠷᠡᠯᠡᠭᠰᠡᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠲᠠᠢ ᠦᠨᠳᠦᠰᠦᠨ ᠳᠡᠭᠡᠨ ᠵᠣᠬᠢᠴᠠᠯᠳᠤᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠳᠠᠮᠵᠢᠨ᠎ᠠ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ ᠪᠠᠲᠤᠯᠠᠨ᠎ᠠ᠃ ᠠᠵᠤ ᠦᠢᠯᠡᠰ ᠤᠨ ᠲᠦᠷᠦ ᠶᠢᠨ ᠪᠣᠳᠣᠯᠭ᠎ᠠ ᠳᠤ ᠬᠥᠭᠵᠢᠯᠲᠡ ᠪᠣᠯᠣᠨ ᠠᠮᠤᠷ ᠲᠦᠪᠰᠢᠨ ᠢ ᠵᠡᠷᠭᠡ ᠪᠠᠷ ᠴᠢᠬᠤᠯᠠᠴᠢᠯᠠᠨ᠎ᠠ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠭᠦ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠪᠠᠭᠤᠷᠠᠢ ᠭᠤᠭᠴᠤᠭ᠎ᠠ ᠶᠢ ᠬᠦᠴᠦᠯᠡᠨ ᠨᠥᠬᠦᠪᠦᠷᠢᠯᠡᠵᠦ ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦ ᠶᠢᠨ ᠪᠣᠳᠣᠯᠭ᠎ᠠ ᠳᠤ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠬᠦ ᠪᠥᠭᠡᠳ ᠤᠯᠠᠨ ᠤᠯᠤᠰ ᠤᠨ ᠬᠠᠮᠲᠤᠷᠠᠯᠴᠠᠭ᠎ᠠ ᠶᠢ ᠪᠠᠷᠢᠮᠲᠠᠯᠠᠨ᠎ᠠ᠃ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠢ ᠲᠡᠭᠦᠯᠳᠡᠷᠵᠢᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠳᠤᠮᠳᠠᠬᠢ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠳᠡᠮᠵᠢᠭᠦ ᠪᠠ ᠲᠤᠪᠤᠶᠢᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠵᠢᠴᠢ ᠪᠦᠯᠭᠦᠮ ᠨᠡᠶᠢᠳᠠ ᠶᠢ ᠬᠥᠮᠥᠵᠢᠭᠦᠯᠬᠦ ᠶᠢ ᠳᠡᠮᠵᠢᠭᠦ ᠡᠷᠴᠢᠮ ᠢ ᠴᠢᠩᠭᠠᠷᠠᠭᠤᠯᠤᠨ᠎ᠠ᠃ ᠨᠡᠶᠢᠭᠡᠮ ᠤᠨ ᠲᠦᠷᠦ ᠶᠢᠨ ᠪᠣᠳᠣᠯᠭ᠎ᠠ ᠳᠤ ᠠᠷᠠᠳ ᠤᠨ ᠠᠮᠢᠳᠤᠷᠠᠯ ᠢ ᠪᠠᠲᠤᠯᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠣᠳᠠᠲᠠᠢ ᠪᠥᠭᠡᠳ ᠨᠠᠷᠢᠯᠢᠭ ᠨᠠᠶᠢᠳᠠᠪᠤᠷᠢᠵᠢᠭᠤᠯᠤᠨ᠂ ᠵᠠᠯᠠᠭᠤᠴᠤᠳ ᠢᠯᠠᠩᠭᠤᠶ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠠᠬᠢᠭᠤᠯᠬᠤ ᠠᠵᠢᠯ ᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠷᠠᠳ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠎ᠠ᠃      ᠣᠳᠣᠬᠠᠨ ᠳᠤ ᠮᠠᠨ ᠤ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠨᠢᠭᠡᠨᠲᠡ ︽ᠬᠥᠬᠡᠭᠴᠢᠨ ᠲᠥᠷᠥᠯ ᠬᠥᠬᠡᠭᠴᠢᠨ ᠬᠠᠮᠢᠶᠠᠷᠤᠯᠲᠠ︾ ᠪᠠᠷ ᠪᠠᠶᠢᠩᠭᠤᠵᠢᠭᠤᠯᠤᠨ ᠰᠡᠷᠭᠡᠶᠢᠯᠡᠨ ᠬᠢᠵᠠᠭᠠᠷᠯᠠᠬᠤ ᠱᠠᠲᠤᠨ ᠳᠤ ᠣᠷᠣᠪᠠ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠭᠦ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠳ᠋ᠦᠩᠨᠡᠭᠰᠡᠨ ᠰᠠᠭᠤᠷᠢᠨ ᠳᠡᠭᠡᠷ᠎ᠡ᠂ ᠰᠡᠷᠭᠡᠶᠢᠯᠡᠨ ᠬᠢᠵᠠᠭᠠᠷᠯᠠᠬᠤ ᠠᠵᠢᠯ ᠢ ᠨᠡᠩ ᠰᠢᠨᠵᠢᠯᠡᠬᠦ ᠤᠬᠠᠭᠠᠨᠴᠢ᠂ ᠨᠠᠷᠢᠯᠢᠭ ᠣᠨᠣᠴᠠᠲᠠᠢ᠂ ᠥᠨᠳᠥᠷ ᠪᠦᠲᠦᠮᠵᠢᠲᠡᠶ ᠪᠠᠷ ᠰᠠᠶᠢᠲᠤᠷ ᠬᠢᠵᠦ᠂ ᠡᠷᠡᠭᠦᠯ ᠮᠡᠨᠳᠦ ᠶᠢ ᠪᠠᠲᠤᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ ᠶᠢᠨ ᠲᠣᠭᠤᠷᠢᠨ ᠳᠤ ᠨᠠᠰᠤᠲᠠᠶᠢᠴᠤᠳ᠂ ᠬᠡᠦᠬᠡᠳ ᠪᠠᠭᠠᠴᠤᠳ᠂ ᠬᠠᠭᠤᠴᠢᠨ ᠠᠷᠬᠠᠭ ᠲᠠᠢ ᠬᠠᠮᠲᠤᠯᠢᠭ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠡᠮᠨᠡᠨ ᠵᠠᠰᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠬᠢᠨᠠᠨ ᠭᠡᠮᠵᠢᠭᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠸᠠᠺᠼᠢᠨ ᠢ ᠦᠶ᠎ᠡ ᠰᠣᠯᠢᠭᠳᠠᠭᠤᠯᠵᠤ ᠲᠡᠰ ᠳᠡᠪᠰᠢᠭᠦᠯᠭᠦ ᠪᠠ ᠰᠢᠨ᠎ᠡ ᠡᠮ ᠰᠤᠳᠤᠯᠤᠨ ᠦᠢᠯᠡᠳᠭᠦ ᠶᠢ ᠠᠬᠢᠭᠤᠯᠵᠤ᠂ ᠤᠯᠠᠨ ᠲᠦᠮᠡᠨ ᠤ ᠡᠪᠡᠳᠴᠢᠨ ᠦᠵᠡᠭᠦᠯᠭᠦ ᠡᠮ ᠬᠡᠷᠡᠭᠯᠡᠬᠦ ᠬᠡᠷᠡᠭᠴᠡᠭᠡ ᠶᠢ ᠦᠨᠡᠨ ᠬᠦ ᠪᠠᠲᠤᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠰᠠᠶᠢᠲᠤᠷ ᠰᠠᠬᠢᠨ ᠬᠠᠮᠠᠭᠠᠯᠠᠨ᠎ᠠ᠃      ᠡᠨᠡ ᠵᠢᠯ ᠪᠣᠯ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ ᠵᠢᠯ ᠪᠣᠯᠣᠨ᠎ᠠ᠂ ᠳᠡᠭᠡᠷ᠎ᠡ ᠮᠡᠳᠡᠭᠦᠯᠦᠭᠰᠡᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠤᠯᠡᠨ ᠬᠦᠷᠢᠶ᠎ᠡ ᠡᠯ᠎ᠡ ᠲᠠᠯ᠎ᠠ ᠶᠢᠨ ᠠᠵᠢᠯ ᠤᠨ ᠲᠠᠯ᠎ᠠ ᠪᠠᠷ ᠬᠤᠶᠢᠰᠢᠳᠠ ᠪᠠᠰᠠ ᠰᠢᠨᠲᠠᠷᠠᠰᠢ ᠦᠭᠡᠢ ᠴᠢᠷᠮᠠᠶᠢᠬᠤ ᠴᠢᠬᠤᠯᠠᠲᠠᠢ᠂ ᠳᠣᠣᠷ᠎ᠠ ᠬᠡᠳᠦᠨ ᠭᠤᠣᠯᠳᠠᠯᠭ᠎ᠠ ᠶᠢ ᠲᠣᠪᠴᠢᠯᠠᠨ ᠲᠣᠭᠠᠴᠢᠶ᠎ᠠ᠃      ︵ᠨᠢᠭᠡ︶ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠨ᠎ᠡ᠃ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠮᠠᠰᠢᠨ ᠲᠡᠷᠭᠡ ᠵᠡᠷᠭᠡ ᠶᠢᠨ ᠪᠥᠭᠡᠮ ᠬᠡᠷᠡᠭᠯᠡᠭᠡ ᠶᠢ ᠲᠣᠭᠲᠠᠭᠤᠨ ᠪᠠᠶᠢᠯᠭᠠᠵᠤ᠂ ᠢᠳᠡᠭᠡᠨ ᠤᠮᠳᠠᠭᠠᠨ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡ ᠶᠢ ᠰᠡᠷᠭᠦᠭᠡᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠤᠷᠮᠠᠰᠢᠭᠤᠯᠤᠯ ᠨᠢ ᠪᠦᠭᠦ ᠨᠡᠶᠢᠭᠡᠮ ᠤᠨ ᠪᠡᠯᠡ ᠣᠷᠣᠭᠤᠯᠤᠯᠲᠠ ᠶᠢ ᠪᠦᠲᠦᠮᠵᠢᠲᠡᠶ ᠳᠠᠶᠢᠴᠢᠯᠠᠵᠤ᠂ ᠡᠨᠡ ᠵᠢᠯ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ 3.8 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠵᠦ᠂ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠂ ᠣᠷᠣᠨ ᠪᠦᠰᠡ ᠶᠢᠨ ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠦᠷᠢᠯᠡᠬᠦ᠂ ᠥᠪᠡᠷ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠠᠬᠢᠭᠤᠯᠵᠤ ᠂ ᠬᠢᠵᠢᠭ ᠤᠨ ᠳᠠᠭᠠᠷᠢᠯᠲᠠ ᠨᠡᠯᠢᠶᠡᠳ ᠬᠦᠨᠳᠦ ᠨᠣᠴᠢᠲᠠᠢ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠭᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠤᠯᠤᠰ ᠤᠨ ᠴᠢᠬᠤᠯᠠ ᠶᠡᠭᠡ ᠢᠨᠵᠧᠨᠧᠷᠢᠩ ᠪᠣᠯᠣᠨ ᠳᠤᠲᠠᠭᠤᠳᠠᠯ ᠢ ᠨᠥᠬᠦᠪᠦᠷᠢᠯᠡᠬᠦ ᠲᠥᠰᠥᠯ ᠤᠨ ᠪᠦᠲᠦᠭᠡᠨ ᠪᠠᠶᠢᠭᠤᠯᠤᠯᠲᠠ ᠳᠤ ᠨᠠᠩ ᠣᠯᠠᠨ ᠠᠷᠠᠳ ᠤᠨ ᠬᠥᠷᠥᠩᠭᠡ ᠶᠢ ᠵᠣᠷᠢᠭᠵᠢᠭᠤᠯᠤᠨ ᠲᠡᠳᠡᠨ ᠣᠷᠣᠯᠴᠠᠭᠤᠯᠵᠤ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠳᠤᠯᠢᠭ ᠬᠦᠴᠦᠨ ᠢ ᠬᠥᠭᠵᠢᠭᠡᠬᠦ ᠪᠠᠷ ᠲᠥᠯᠥᠪᠯᠡᠵᠦ ᠪᠠᠶᠢᠨ᠎ᠠ᠃      ︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠯᠡᠨ ᠪᠠᠶᠢᠭᠤᠯᠤᠨ᠎ᠠ᠃ ᠠᠵᠤ ᠦᠢᠯᠡᠰ ᠤᠨ ᠬᠥᠭᠵᠢᠯᠲᠡ ᠳᠤ ᠦᠵᠡᠭᠦᠯᠭᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠨ᠎ᠠ᠃ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠨ ᠨᠥᠬᠦᠪᠦᠷᠢᠯᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠢᠯᠡᠳᠭᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠴᠢᠨᠠᠷ ᠰᠠᠶᠢᠲᠠᠢ ᠡᠬᠢ ᠪᠠᠶᠠᠯᠢᠭ ᠢ ᠲᠥᠪᠯᠡᠷᠡᠭᠦᠯᠦᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠬᠦᠴᠦᠨ ᠢᠶᠠᠨ ᠬᠠᠮᠲᠤᠳᠬᠠᠨ ᠠᠬᠢᠭᠤᠯᠵᠤ᠂ ᠰᠢᠨ᠎ᠡ ᠶᠢ ᠡᠭᠦᠳᠭᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ ᠴᠢᠬᠤᠯᠠ ᠡᠨᠧᠷᠭᠢ ᠶᠢᠨ ᠰᠤᠷᠪᠤᠯᠵᠢ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠤᠯᠤᠰ ᠤᠨ ᠳᠣᠲᠣᠭᠠᠳᠤ ᠳᠠᠭᠠᠨ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ ᠨᠥᠭᠡᠴᠡ ᠶᠢ ᠨᠡᠮᠡᠭᠳᠡᠭᠦᠯᠦᠨ ᠦᠢᠯᠡᠳᠪᠦᠷᠢᠯᠡᠬᠦ ᠴᠢᠳᠠᠪᠤᠷᠢ ᠶᠢ ᠨᠡᠮᠡᠭᠳᠡᠭᠦᠯᠬᠦ ᠶᠢ ᠴᠢᠩᠭᠠᠳᠬᠠᠨ᠎ᠠ᠃ ᠤᠯᠠᠮᠵᠢᠯᠠᠯᠲᠤ ᠠᠵᠤ ᠦᠢᠯᠡᠰ ᠪᠠ ᠳᠤᠮᠳᠠ ᠵᠢᠵᠢᠭ ᠠᠵᠤ ᠠᠬᠤᠶᠢᠯᠠᠯ ᠤᠨ ᠳ᠋ᠢᠵᠢᠲ᠋ᠠᠯᠴᠢᠯᠠᠨ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠳᠡᠭᠡᠳᠦ ᠲᠡᠰᠴᠢᠯᠡᠯᠲᠡ᠂ ᠣᠶᠤᠨᠴᠢᠯᠠᠯᠲᠠ᠂ ᠨᠣᠭᠤᠭᠠᠨᠵᠢᠭᠤᠯᠤᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠬᠤᠰᠢᠭᠤᠷᠠᠯ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ ᠳᠡᠯᠭᠡᠷᠡᠭᠦᠯᠦᠯᠲᠡ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠤᠨ᠎ᠠ᠃ ᠥᠨᠳᠥᠷ ᠪᠦᠳᠦᠮᠵᠢᠳᠠᠢ ᠪᠥᠭᠡᠳ ᠰᠠᠭᠠᠳ ᠦᠭᠡᠢ ᠨᠡᠪᠲᠡᠷᠡᠬᠦ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠤᠨ᠎ᠠ᠃ ᠳ᠋ᠢᠵᠢᠲ᠋ᠠᠯ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠪᠠᠶᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠲᠠᠪᠴᠠᠩ ᠤᠨ ᠠᠵᠤ ᠠᠬᠤᠢ ᠶᠢᠨ ᠬᠥᠭᠵᠢᠯᠲᠡ ᠶᠢ ᠳᠡᠮᠵᠢᠨ᠎ᠡ᠃      ︵ᠭᠤᠷᠪᠠ︶ ︽ᠬᠤᠶᠠᠷ ᠥᠴᠥᠬᠡᠨ ᠴᠦ ᠭᠤᠶᠢᠪᠢᠰᠢ ᠦᠭᠡᠢ︾ ᠪᠠᠶᠢᠬᠤ ᠶᠢ ᠦᠨᠡᠨ ᠬᠦ ᠨᠠᠶᠢᠳᠠᠪᠤᠷᠢᠵᠢᠭᠤᠯᠤᠨ᠎ᠠ᠃ ᠤᠯᠤᠰ ᠤᠨ ᠥᠮᠴᠢᠯᠡᠯ ᠤᠨ ᠬᠥᠷᠥᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠲᠥᠷᠥᠯ ᠬᠤᠪᠢᠶᠠᠭᠰᠠᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠤ ᠠᠬᠤᠢ ᠶᠢᠨ ᠬᠠᠷᠢᠭᠤᠴᠠᠯᠭ᠎ᠠ ᠪᠠ ᠨᠡᠶᠢᠭᠡᠮ ᠤᠨ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤ ᠦᠶ᠎ᠡ ᠶᠢᠨ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠮᠴᠢᠯᠡᠬᠦ ᠡᠷᠬᠡ ᠪᠠ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠠᠷᠠᠳ ᠠᠴᠠ ᠡᠵᠡᠩᠨᠡᠭᠰᠡᠨ ᠠᠵᠤ ᠠᠬᠤᠢ ᠪᠣᠯᠣᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠵᠣᠷᠢᠭᠵᠢᠭᠤᠯᠤᠨ ᠳᠡᠮᠵᠢᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ ᠳᠡᠮᠵᠢᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠭᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠤ᠂ ᠡᠯ᠎ᠡ ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠳᠤ ᠡᠷᠬᠡ ᠲᠡᠭᠰᠢ ᠪᠠᠷ ᠥᠷᠢᠰᠦᠯᠳᠦᠨ᠂ ᠮᠥᠴᠡᠭᠡᠷᠬᠡᠨ ᠭᠦᠭᠵᠢᠭᠦ ᠣᠷᠴᠢᠨ ᠨᠥᠬᠦᠴᠡᠯ ᠢ ᠪᠤᠶ ᠪᠣᠯᠭᠠᠨ ᠥᠭᠴᠦ᠂ ᠦᠨᠡᠨ ᠪᠣᠳᠠᠲᠠᠢ ᠠᠷᠭ᠎ᠠ ᠪᠣᠳᠣᠯᠭ᠎ᠠ ᠪᠠᠷ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠢᠲᠡᠭᠡᠯ ᠢ ᠬᠥᠪᠴᠢᠯᠡᠨ᠎ᠡ᠃      ︵ᠳᠥᠷᠪᠡ︶ ᠭᠠᠳᠠᠭᠠᠳᠤ ᠪᠡᠯᠡ ᠶᠢ ᠨᠠᠩ ᠶᠡᠭᠡ ᠡᠷᠴᠢᠮ ᠢᠶᠠᠷ ᠲᠠᠲᠠᠵᠤ ᠠᠰᠢᠭᠯᠠᠨ᠎ᠠ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠥᠷᠭᠡᠳᠬᠡᠵᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠨᠡᠭᠡᠭᠡᠯᠲᠡ ᠶᠢᠨ ᠡᠷᠴᠢᠮ ᠢ ᠴᠢᠩᠭᠠᠷᠠᠭᠤᠯᠤᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠷᠠᠳ ᠢᠷᠭᠡᠨ ᠤ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠪᠦᠭᠦ ᠲᠠᠯ᠎ᠠ ᠶᠢᠨ ᠬᠢᠭᠡᠳ ᠳᠠᠪᠰᠢᠩᠭᠤᠢ ᠨᠣᠮᠣᠬᠠᠨ ᠳᠠᠯᠠᠢ ᠠᠯᠤᠰᠯᠠᠭᠰᠠᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ︵CPTPP︶ ᠵᠡᠷᠭᠡ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠬᠡᠯᠡᠯᠴᠡᠭᠡᠷ ᠲᠤ ᠣᠷᠣᠬᠤ ᠶᠢ ᠢᠳᠡᠪᠬᠢᠲᠡᠢ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠳᠦᠷᠢᠮᠯᠡᠯ᠂ ᠳᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠲᠠᠢ ᠬᠠᠷᠢᠴᠠᠭᠤᠯᠤᠨ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠨ᠎ᠡ᠃ ᠣᠷᠣᠨ ᠪᠦᠰᠡ ᠶᠢᠨ ᠨᠡᠭᠡᠭᠡᠯᠲᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ᠂ ᠡᠯ᠎ᠡ ᠲᠥᠰᠥᠯ ᠤᠨ ᠨᠡᠭᠡᠭᠡᠨ ᠬᠥᠭᠵᠢᠭᠦᠯᠬᠦ ᠣᠷᠣᠨ ᠵᠡᠷᠭᠡ ᠨᠡᠭᠡᠭᠡᠯᠲᠡᠲᠤ ᠲᠠᠪᠴᠠᠩ ᠤᠨ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠶᠢᠨ ᠠᠵᠤ ᠠᠬᠤᠢ ᠳᠤ ᠦᠵᠡᠭᠦᠯᠭᠦ ᠲᠤᠯᠭᠠᠭᠤᠷᠢᠯᠠᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠤᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠭᠠᠳᠠᠭᠠᠳᠤ ᠪᠡᠯᠡ ᠶᠢᠨ ᠪᠡᠯᠭᠡ ᠲᠡᠮᠳᠡᠭ ᠤᠨ ᠴᠢᠨᠠᠷᠲᠠᠢ ᠲᠥᠰᠥᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠨᠡᠭᠡᠭᠡᠯᠲᠡᠲᠡᠢ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠯᠠᠪᠲᠠᠢ ᠡᠯ᠎ᠡ ᠤᠯᠤᠰ ᠤᠨ ᠠᠵᠤ ᠠᠬᠤᠶᠢᠯᠠᠯ ᠤᠨ ᠳᠤᠮᠳᠠᠳᠤ ᠤᠯᠤᠰ ᠲᠠᠬᠢ ᠬᠥᠭᠵᠢᠯᠲᠡ ᠳᠤ ᠨᠡᠩ ᠤᠯᠠᠨ ᠲᠣᠭᠢᠶᠠᠯ ᠬᠠᠩᠭᠠᠵᠤ ᠴᠢᠳᠠᠨ᠎ᠠ᠃      ︵ᠲᠠᠪᠤ︶ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠪᠤᠢ ᠪᠤᠯᠬᠤ ᠠᠴᠠ ᠰᠡᠷᠭᠡᠶᠢᠯᠡᠨ᠎ᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠴᠢᠨᠠᠷ ᠰᠠᠶᠢᠲᠠᠢ ᠲᠣᠯᠣᠭᠠᠶᠢᠯᠠᠭᠰᠠᠨ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠡᠳ᠋ ᠬᠥᠷᠥᠩᠭᠡ ᠶᠢᠨ ᠥᠷᠢ ᠥᠭᠴᠡᠭᠡ ᠶᠢᠨ ᠪᠠᠶᠢᠳᠠᠯ ᠢ ᠰᠠᠶᠢᠵᠢᠷᠠᠭᠤᠯᠵᠤ᠂ ᠡᠮᠬᠢ ᠵᠢᠷᠤᠮ ᠦᠭᠡᠢ ᠥᠷᠭᠡᠵᠢᠬᠦ ᠠᠴᠠ ᠰᠡᠷᠭᠡᠶᠢᠯᠡᠨ ᠬᠤᠷᠢᠭᠯᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ ᠤᠨ ᠲᠣᠭᠲᠠᠭᠤᠨ ᠢᠶᠠᠷ ᠭᠦᠭᠵᠢᠭᠦ ᠶᠢ ᠠᠬᠢᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠥᠷᠢ ᠥᠭᠴᠡᠭᠡ ᠶᠢᠨ ᠬᠤᠭᠤᠴᠠᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠬᠦᠦ ᠮᠥᠩᠭᠦ ᠶᠢᠨ ᠳᠠᠷᠤᠭᠠᠰᠤ ᠶᠢ ᠬᠥᠩᠭᠡᠷᠡᠭᠦᠯᠵᠦ᠂ ᠨᠡᠮᠡᠭᠳᠡᠯ ᠢ ᠬᠤᠷᠢᠭᠯᠠᠵᠤ᠂ ᠬᠠᠳᠠᠭᠠᠯᠠᠯᠲᠠ ᠬᠡᠮᠵᠢᠶ᠎ᠡ ᠶᠢ ᠠᠷᠢᠯᠭᠠᠨ᠎ᠠ᠃      ︵ᠵᠢᠷᠭᠤᠭ᠎ᠠ︶ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠲᠠᠷᠢᠶᠠᠯᠠᠩ ᠤᠨ ᠣᠳᠣᠬᠢᠴᠢᠯᠠᠯᠲᠠ ᠪᠠ ᠬᠥᠳᠡᠭᠡ ᠳᠤᠰᠬᠤᠨ ᠤ ᠣᠳᠣᠬᠢᠴᠢᠯᠠᠯᠲᠠ ᠶᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠢ ᠰᠠᠶᠢᠲᠤᠷ ᠠᠳᠬᠤᠵᠤ᠂ ᠮᠢᠩᠭᠠᠨ ᠳ᠋ᠦᠩᠰᠢᠭᠤᠷ ᠵᠢᠩ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠨᠡᠮᠡᠭᠳᠡᠭᠦᠯᠬᠦ ᠰᠢᠨ᠎ᠡ ᠨᠢᠭᠡᠨ ᠡᠭᠡᠯᠵᠢ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠯᠠᠩ ᠤᠨ ᠤᠰᠤᠨ ᠠᠰᠢᠭᠯᠠᠯᠲᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠨᠣᠭᠯᠠᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠠᠰᠢᠭ ᠤᠷᠤᠯᠭ᠎ᠠ ᠶᠢ ᠪᠠᠲᠤᠯᠠᠬᠤ ᠲᠣᠭᠲᠠᠴᠠ ᠪᠠ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠬᠠᠮ ᠢᠳᠡᠭᠡᠨ ᠤ ᠦᠵᠡᠯᠲᠡ ᠶᠢ ᠪᠤᠢ ᠪᠤᠯᠭᠠᠵᠤ᠂ ᠤᠯᠠᠨ ᠡᠰᠢᠴᠢᠯᠡᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠨᠢ ᠥᠷᠭᠡᠳᠬᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠲᠦ ᠴᠢᠨᠠᠷᠲᠠᠢ ᠳᠠᠭᠢᠨ ᠶᠠᠳᠠᠭᠤᠷᠠᠯ ᠡᠭᠦᠰᠭᠦ ᠠᠴᠠ ᠡᠷᠡᠰ ᠰᠡᠷᠭᠡᠶᠢᠯᠡᠨ᠎ᠡ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠲᠦᠯᠬᠢᠨ ᠤᠷᠤᠭᠰᠢᠯᠠᠭᠤᠯᠤᠨ᠎ᠠ᠃ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠶᠢ ᠳᠠᠭᠢᠭᠠᠳ ᠭᠤᠴᠢᠨ ᠵᠢᠯ ᠤᠷᠲᠤᠳᠬᠠᠬᠤ ᠲᠤᠬᠠᠢ ᠤᠯᠤᠰ ᠤᠨ ᠲᠦᠷᠦ ᠶᠢᠨ ᠪᠣᠳᠣᠯᠭ᠎ᠠ ᠶᠢ ᠡᠷᠬᠡᠪᠰᠢ ᠨᠠᠷᠢᠨ ᠨᠢᠮᠪᠠᠢ ᠠᠵᠢᠯᠯᠠᠬᠤ ᠪᠠᠷ ᠳᠠᠮᠵᠢᠭᠤᠯᠤᠨ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠢ᠃      ︵ᠳᠣᠯᠤᠭ᠎ᠠ︶ ᠬᠥᠭᠵᠢᠯᠲᠡ ᠶᠢᠨ ᠠᠷᠭ᠎ᠠ ᠮᠠᠶ᠋ᠢᠭ ᠤᠨ ᠨᠣᠭᠤᠭᠠᠨ ᠬᠤᠪᠢᠷᠠᠭᠤᠯᠤᠯᠲᠠ ᠶᠢ ᠠᠬᠢᠭᠤᠯᠤᠨ᠎ᠠ᠃ ᠣᠷᠴᠢᠨ ᠠᠬᠤᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠤᠨ᠎ᠠ᠃ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠂ ᠬᠤᠳᠠ ᠬᠥᠳᠡᠭᠡ ᠶᠢᠨ ᠣᠷᠴᠢᠨ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ᠃ ᠡᠨᠧᠷᠭᠢ ᠶᠢᠨ ᠰᠤᠷᠪᠤᠯᠵᠢ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠮᠡᠷᠭᠡᠵᠢᠯ ᠤᠨ ᠰᠤᠳᠤᠯᠤᠨ ᠨᠡᠭᠡᠭᠡᠯᠲᠡ ᠶᠢ ᠠᠬᠢᠭᠤᠯᠵᠤ᠂ ᠰᠢᠨ᠎ᠡ ᠭᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠳᠠᠭᠢᠨ ᠡᠭᠦᠰᠴᠦ ᠪᠤᠯᠬᠤ ᠡᠨᠧᠷᠭᠢ ᠶᠢᠨ ᠰᠤᠷᠪᠤᠯᠵᠢ ᠶᠢᠨ ᠡᠵᠡᠯᠡᠭᠦ ᠬᠠᠷᠢᠴᠠᠯ ᠢ ᠳᠡᠭᠡᠭᠰᠢᠯᠡᠭᠦᠯᠦᠨ᠎ᠠ᠃ ᠨᠣᠭᠤᠭᠠᠨ ᠬᠥᠭᠵᠢᠯᠲᠡ ᠶᠢ ᠳᠡᠮᠵᠢᠭᠦ ᠲᠥᠷᠥ ᠶᠢᠨ ᠪᠣᠳᠣᠯᠭ᠎ᠠ ᠪᠠ ᠮᠥᠩᠭᠦᠨ ᠭᠦᠢᠯᠭᠡᠭᠡᠨ ᠤ ᠪᠠᠭᠠᠵᠢ ᠶᠢ ᠲᠡᠭᠦᠯᠳᠡᠷᠵᠢᠭᠦᠯᠵᠦ᠂ ᠣᠷᠴᠢᠯ ᠠᠵᠤ ᠠᠬᠤᠢ ᠶᠢ ᠬᠥᠭᠵᠢᠭᠦᠯᠦᠨ᠂ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠤᠨ ᠪᠣᠬᠢᠷᠳᠤᠯ ᠢ ᠪᠠᠭᠠᠰᠬᠠᠬᠤ ᠶᠢ ᠠᠬᠢᠭᠤᠯᠵᠤ ᠂ ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠨ ᠢ ᠦᠷᠭᠦᠯᠵᠢᠯᠡᠨ ᠰᠠᠶᠢᠲᠤᠷ ᠬᠢᠨ᠎ᠡ᠃      ︵ᠨᠠᠢᠮᠠ︶ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠵᠤ ᠨᠡᠶᠢᠭᠡᠮ ᠤᠨ ᠠᠵᠢᠯ ᠦᠢᠯᠡᠰ ᠢ ᠬᠥᠭᠵᠢᠭᠦᠯᠦᠨ᠎ᠡ᠃ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠰᠠᠭᠤᠴᠠ ᠶᠢᠨ ᠵᠠᠶᠢᠯᠠᠰᠢ ᠦᠭᠡᠢ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠶᠢ ᠳᠡᠮᠵᠢᠵᠦ᠂ ᠰᠢᠨ᠎ᠡ ᠬᠤᠳᠠ ᠶᠢᠨ ᠠᠷᠠᠳ᠂ ᠵᠠᠯᠠᠭᠤᠴᠤᠳ ᠵᠡᠷᠭᠡ ᠬᠥᠮᠥᠰ ᠤᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠵᠦ᠂ ᠬᠠᠭᠤᠴᠢᠨ ᠰᠠᠭᠤᠭᠠᠯᠢ ᠲᠣᠭᠤᠷᠢᠭ ᠪᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠲᠦᠷᠭᠡᠯᠡᠨ ᠠᠬᠢᠭᠤᠯᠤᠨ᠎ᠠ᠃ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠪᠠ ᠬᠤᠲᠠ ᠬᠥᠳᠡᠭᠡ ᠶᠢᠨ ᠨᠢᠭᠡ ᠴᠣᠭᠴᠠᠵᠢᠯᠲᠠ ᠶᠢ ᠠᠬᠢᠭᠤᠯᠵᠤ᠂ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠤᠨᠴᠠᠭᠠᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠨ᠎ᠡ ᠡᠭᠦᠳᠦᠯᠲᠡ ᠶᠢ ᠠᠬᠢᠭᠤᠯᠵᠤ᠂ ᠳᠤᠮᠳᠠ ᠬᠡᠰᠡᠭ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠬᠥᠭᠵᠢᠯᠲᠡ ᠶᠢ ᠳᠡᠮᠵᠢᠵᠦ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠭᠡ ᠶᠢᠨ ᠳᠠᠭᠠᠳᠬᠠᠯ᠂ ᠡᠮᠴᠢᠯᠡᠭᠡ᠂ ᠡᠮ ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠶᠢ ᠠᠬᠢᠭᠤᠯᠤᠨ᠎ᠠ᠃ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠬᠡᠪᠴᠢᠶ᠎ᠡ ᠶᠢ ᠥᠷᠭᠡᠳᠬᠡᠵᠦ ᠳᠣᠷᠣᠭᠰᠢ ᠪᠠᠭᠤᠯᠭᠠᠬᠤ ᠪᠠ ᠣᠷᠣᠨ ᠪᠦᠰᠡ ᠳᠤ ᠲᠡᠩᠴᠡᠭᠦᠷᠢᠲᠡᠢ ᠪᠠᠶᠢᠷᠢᠯᠠᠭᠤᠯᠬᠤ ᠶᠢ ᠠᠬᠢᠭᠤᠯᠤᠨ᠎ᠠ᠃ ᠬᠢᠲᠠᠳ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠰᠡᠳᠬᠢᠴᠡ ᠶᠢᠨ ᠡᠷᠡᠭᠦᠯ ᠮᠡᠨᠳᠦ ᠪᠠ ᠤᠶᠤᠨ ᠮᠡᠳᠡᠷᠡᠯ ᠤᠨ ᠡᠷᠡᠭᠦᠯ ᠬᠠᠮᠠᠭᠠᠯᠠᠯ ᠢ ᠴᠢᠬᠤᠯᠠᠴᠢᠯᠠᠨ᠎ᠠ᠃ ᠬᠥᠮᠥᠨ ᠠᠮᠠ ᠶᠢᠨ ᠨᠠᠰᠤᠵᠢᠯᠳᠠ ᠶᠢ ᠢᠳᠡᠪᠬᠢᠲᠡᠢ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ᠂ ᠦᠷᠡᠵᠢᠯ ᠢ ᠳᠡᠮᠵᠢᠭᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠴᠡᠷᠢᠭ ᠪᠠ ᠴᠡᠷᠢᠭ ᠤᠨ ᠭᠡᠷ ᠪᠦᠯᠢ᠂ ᠴᠡᠷᠢᠭ ᠤᠨ ᠠᠯᠪᠠ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠭᠳᠠᠬᠤ ᠡᠲᠡᠭᠡᠳ ᠤᠨ ᠬᠠᠷᠠᠭᠠᠯᠵᠠᠯ ᠠᠰᠠᠷᠠᠮᠵᠢ ᠶᠢᠨ ᠠᠵᠢᠯ ᠢ ᠰᠠᠶᠢᠲᠤᠷ ᠬᠢᠨ᠎ᠡ᠃ ᠰᠣᠶᠣᠯ ᠤᠨ ᠠᠵᠢᠯ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠮᠵᠢ ᠶᠢ ᠳᠡᠭᠡᠭᠰᠢᠯᠡᠭᠦᠯᠦᠨ᠎ᠡ᠃ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠪᠠ ᠭᠠᠮᠰᠢᠭ ᠠᠴᠠ ᠠᠪᠤᠷᠠᠬᠤ ᠠᠵᠢᠯ ᠢ ᠴᠢᠩᠭᠠᠳᠬᠠᠨ᠎ᠠ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠤᠨ᠎ᠠ      ᠵᠠᠰᠠᠭ ᠤᠨ ᠣᠷᠳᠣᠨ ᠤ ᠳᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠦᠷᠭᠦᠯᠵᠢᠯᠡᠨ ᠬᠤᠪᠢᠷᠠᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠰᠠᠶᠢᠲᠤᠷ ᠬᠢᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠭᠦᠳᠭᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠭᠡᠨ ᠤ ᠭᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠡᠨ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ᠵᠠᠰᠠᠭ ᠵᠠᠬᠢᠷᠭᠠᠨ ᠤ ᠦᠷ᠎ᠡ ᠪᠦᠳᠦᠮᠵᠢ ᠪᠠ ᠤᠯᠠᠨ ᠨᠡᠶᠢᠳᠠ ᠶᠢ ᠢᠳᠡᠭᠡᠭᠦᠯᠭᠦ ᠬᠦᠴᠦᠨ ᠢ ᠳᠡᠭᠡᠭᠰᠢᠯᠡᠭᠦᠯᠦᠨ᠎ᠡ᠃      ᠲᠥᠯᠥᠭᠡᠯᠡᠭᠴᠢᠳ ᠠ᠋︕      ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠪᠠᠷ ᠭᠤᠣᠯ ᠰᠢᠵᠢᠮ ᠪᠤᠯᠭᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ ᠪᠠ ᠬᠠᠮᠲᠤ ᠪᠠᠷ ᠴᠡᠴᠡᠭᠯᠡᠨ ᠭᠦᠭᠵᠢᠭᠦ ᠶᠢ ᠠᠬᠢᠭᠤᠯᠤᠨ᠎ᠠ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠤᠨ᠎ᠠ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠨᠢᠭᠡᠳᠦᠨ ᠲᠡᠮᠡᠴᠡᠬᠦ᠂ ᠭᠡᠷᠡᠯ ᠰᠠᠴᠤᠷᠠᠩᠭᠤᠢ ᠦᠢᠯᠡᠰ ᠢ ᠬᠠᠮᠲᠤ ᠪᠠᠷ ᠴᠣᠭᠴᠠᠯᠠᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠤᠨ᠎ᠠ᠃      ᠪᠢᠳᠡ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠲᠡᠮᠡᠴᠡᠯ ᠬᠢᠬᠦ ᠶᠢᠨ ᠳᠠᠭᠠᠤ ᠳᠠᠶᠢᠨ ᠳᠤ ᠪᠡᠯᠡᠳᠬᠡᠬᠦ ᠪᠠ ᠪᠦᠲᠦᠭᠡᠨ ᠪᠠᠶᠢᠭᠤᠯᠤᠯᠲᠠ ᠬᠢᠵᠦ᠂ ᠨᠠᠮ ᠪᠠ ᠠᠷᠠᠳ ᠲᠦᠮᠡᠨ ᠠᠴᠠ ᠳᠠᠭᠠᠭᠠᠯᠭᠠᠭᠰᠠᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠦᠨ᠎ᠡ᠃ ᠴᠡᠷᠢᠭ ᠪᠤᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠢ ᠪᠦᠭᠦ ᠲᠠᠯ᠎ᠠ ᠪᠠᠷ ᠴᠢᠩᠭᠠᠳᠬᠠᠵᠤ᠂ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠶᠢᠨ ᠰᠢᠨ᠎ᠡ ᠶᠢ ᠡᠭᠦᠳᠴᠦ᠂ ᠪᠣᠳᠠᠲᠤ ᠳᠠᠶᠢᠨ ᠤ ᠮᠠᠶ᠋ᠢᠭ ᠤᠨ ᠴᠡᠷᠢᠭ ᠤᠨ ᠰᠤᠷᠭᠠᠭᠤᠯᠢᠯᠠᠯ ᠢ ᠶᠡᠭᠡ ᠪᠠᠷ ᠠᠳᠬᠤᠵᠤ᠂ ᠡᠯ᠎ᠡ ᠴᠢᠭᠯᠡᠯ ᠡᠯ᠎ᠡ ᠬᠦᠷᠢᠶᠡᠨ ᠤ ᠴᠡᠷᠢᠭ ᠤᠨ ᠶᠠᠪᠤᠳᠠᠯ ᠤᠨ ᠲᠡᠮᠡᠴᠡᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ᠃ ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠴᠢᠬᠤᠯᠠ ᠶᠡᠭᠡ ᠡᠭᠦᠷᠭᠡ ᠶᠢᠨ ᠲᠡᠮᠡᠴᠡᠯ ᠬᠢᠬᠦ ᠪᠦᠲᠦᠭᠡᠨ ᠪᠠᠶᠢᠭᠤᠯᠤᠯᠲᠠ ᠬᠢᠬᠦ ᠪᠠ ᠳᠠᠶᠢᠨ ᠳᠤ ᠪᠡᠯᠡᠳᠬᠡᠬᠦ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠭᠵᠢᠯᠲᠡ ᠶᠢᠨ ᠴᠢᠬᠤᠯᠠ ᠶᠡᠭᠡ ᠢᠨᠵᠧᠨᠧᠷᠢᠩ ᠢ ᠲᠦᠷᠭᠡᠯᠡᠨ ᠬᠡᠷᠡᠭᠵᠢᠭᠦᠯᠦᠨ᠎ᠡ᠃ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠨᠡᠶᠢᠳᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠠᠮᠵᠢᠵᠤ ᠂ ︽ᠬᠤᠶᠠᠷ ᠢ ᠬᠦᠷᠢᠶᠡᠯᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠢᠨ᠎ᠡ ᠬᠠᠭᠤᠳᠠᠰᠤ ᠶᠢ ᠬᠦᠴᠦ ᠪᠠᠨ ᠬᠠᠮᠲᠤᠳᠬᠠᠨ ᠪᠢᠴᠢᠭᠯᠡᠬᠦ ᠬᠡᠷᠡᠭᠲᠡᠢ᠃      ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ ᠰᠢᠶᠠᠩᠭᠠᠩ ᠢ ᠵᠠᠰᠠᠭᠤᠯᠬᠤ︾᠂ ︽ᠣᠣᠮᠧᠨ ᠤ ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠬᠠᠤᠯᠢ ᠶᠣᠰᠣᠭᠠᠷ ᠰᠢᠶᠠᠩᠭᠠᠩ ᠣᠣᠮᠧᠨ ᠢ ᠵᠠᠰᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠭᠤᠣᠯ ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠦᠨᠳᠦᠰᠦᠨ ᠬᠠᠤᠯᠢᠲᠤ ᠡᠮᠬᠢ ᠵᠢᠷᠤᠮ ᠢ ᠬᠠᠮᠠᠭᠠᠯᠠᠵᠤ᠂ ︽ᠡᠬᠡ ᠣᠷᠣᠨᠴᠢ ᠬᠥᠮᠥᠰ ᠢᠶᠠᠷ ᠰᠢᠶᠠᠩᠭᠠᠩ ᠢ ᠵᠠᠰᠠᠭᠤᠯᠬᠤ︾᠂ ︽ᠡᠬᠡ ᠣᠷᠣᠨᠴᠢ ᠬᠥᠮᠥᠰ ᠢᠶᠠᠷ ᠣᠣᠮᠧᠨ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠤᠨ᠎ᠠ᠃ ᠰᠢᠶᠠᠩᠭᠠᠩ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠳᠡᠮᠵᠢᠵᠤ᠂ ᠰᠢᠶᠠᠩᠭᠠᠩ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠨ᠎ᠠ᠃      ᠪᠢᠳᠡ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ︽ᠲᠤᠰᠠᠭᠠᠷ ᠲᠣᠭᠲᠠᠨᠢᠭᠤᠯᠬᠤ︾ ᠶᠢ ᠡᠷᠡᠰ ᠡᠰᠡᠷᠭᠦᠴᠡᠵᠦ ᠨᠢᠭᠡᠳᠦᠯ ᠢ ᠡᠷᠡᠰ ᠠᠬᠢᠭᠤᠯᠤᠨ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠭᠦᠭᠵᠢᠭᠦ ᠶᠢ ᠠᠬᠢᠭᠤᠯᠵᠤ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠠᠬᠢᠭᠤᠯᠤᠨ᠎ᠠ᠃ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠬ᠎ᠠ ᠳᠡᠭᠦᠦ ᠨᠠᠷ ᠤᠳᠤᠮ ᠤᠭᠰᠠᠭ᠎ᠠ ᠨᠢᠭᠡᠲᠡᠢ ᠶᠤᠮ᠂ ᠬᠤᠶᠠᠷ ᠲᠠᠯ᠎ᠠ ᠶᠢᠨ ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠲᠠᠶᠢᠸᠠᠨ ᠤ ᠠᠬ᠎ᠠ ᠳᠡᠭᠦᠦ ᠨᠠᠷ ᠤᠨ ᠠᠵᠠ ᠵᠢᠷᠭᠠᠯ ᠢ ᠨᠡᠮᠡᠭᠳᠡᠭᠦᠯᠬᠦ ᠪᠠᠶᠢᠭᠤᠯᠤᠯ ᠪᠠ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠪᠠᠷ ᠢᠶᠠᠨ ᠳᠤᠮᠳᠠᠳᠤ ᠶᠢᠨ ᠰᠣᠶᠣᠯ ᠢ ᠬᠠᠮᠲᠤ ᠪᠠᠷ ᠪᠠᠳᠠᠷᠠᠭᠤᠯᠬᠤ ᠶᠢ ᠠᠬᠢᠭᠤᠯᠵᠤ᠂ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠰᠡᠳᠬᠢᠯ ᠨᠢᠭᠡᠳᠦᠨ ᠬᠠᠮᠲᠤ ᠪᠠᠷ ᠪᠡᠶᠡᠯᠡᠭᠦᠯᠬᠦ ᠬᠡᠷᠡᠭᠲᠡᠢ᠃      ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠭᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠰᠠᠭᠤᠷᠢᠨ ᠳᠡᠭᠡᠷ᠎ᠡ ᠡᠯ᠎ᠡ ᠤᠯᠤᠰ ᠯᠤᠭ᠎ᠠ ᠨᠥᠭᠦᠷᠰᠡᠭ ᠬᠠᠮᠲᠤᠷᠠᠯᠴᠠᠭ᠎ᠠ ᠪᠠᠨ ᠬᠥᠭᠵᠢᠭᠦᠯᠬᠦ ᠶᠢ ᠪᠠᠷᠢᠮᠲᠠᠯᠠᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶᠢᠲᠡ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠤᠨ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠭᠠᠷ ᠬᠤᠯᠪᠣᠯᠴᠠᠨ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠠ ᠭᠠᠵᠠᠷ ᠣᠷᠣᠨ ᠤ ᠲᠣᠭᠲᠠᠭᠤᠨ ᠪᠠᠶᠢᠳᠠᠯ ᠢ ᠬᠠᠮᠠᠭᠠᠯᠠᠨ᠎ᠠ᠃      ᠲᠥᠯᠥᠭᠡᠯᠡᠭᠴᠢᠳ ᠠ᠋︕      ᠰᠢᠷᠭᠠᠭᠤ ᠲᠡᠮᠡᠴᠡᠵᠦ ᠭᠢᠯᠠᠯᠵᠠᠭᠰᠠᠨ ᠠᠮᠵᠢᠯᠲᠠ ᠶᠢ ᠣᠯᠵᠤ᠂ ᠪᠣᠳᠠᠲᠠᠢ ᠠᠵᠢᠯᠯᠠᠵᠤ ᠢᠷᠡᠭᠡᠳᠦᠢ ᠪᠠᠨ ᠴᠣᠭᠴᠠᠯᠠᠶ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠭᠦᠭᠵᠢᠭᠦ ᠶᠢ ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕      ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 14 ᠤ ᠴᠠᠬᠢᠯᠭᠠᠨ ᠮᠡᠳᠡᠭᠡ︶      ︵ᠳᠤᠮᠳᠠᠳᠤ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠣᠷᠴᠢᠭᠤᠯᠪᠠ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号